6 ᠳ᠋ᠤᠭᠠᠷ ᠰᠠᠷ᠎ᠠ ᠶᠢᠨ 29 ᠤ ᠦᠳᠡ ᠶᠢᠨ ᠬᠤᠶᠢᠨ᠎ᠠ᠂ ᠦᠪᠡᠷᠳᠡᠭᠡᠨ ᠵᠠᠰᠠᠬᠤ ᠤᠷᠤᠨ ᠤ ᠰᠢᠭᠤᠳ ᠬᠠᠷᠢᠶ᠎ᠠ | ᠪᠠᠶᠢᠭᠤᠯᠭ᠎ᠠ ᠶᠢᠨ ︽ᠬᠤᠶᠠᠷ ᠢ ᠪᠠᠶᠢᠭᠤᠯᠵᠤ ᠬᠤᠶᠠᠷ ᠢ ᠡᠭᠦᠳᠬᠦ︾ ᠠᠵᠢᠯᠯᠠᠭ᠎ᠠ ᠶᠢ ᠬᠦᠬᠢᠭᠦᠯᠦᠨ ᠰᠠᠶᠢᠰᠢᠶᠠᠬᠤ | ᠵᠢᠴᠢ ︽ᠬᠤᠶᠠᠷ ᠢ ᠰᠤᠷᠤᠯᠴᠠᠵᠤ ᠬᠢᠷᠢ ᠲᠡᠩᠴᠡᠭᠰᠡᠨ ᠨᠠᠮ ᠤᠨ ᠭᠡᠰᠢᠭᠦᠨ ᠪᠤᠯᠬᠤ︾ ᠰᠤᠷᠤᠯᠴᠠᠯᠭ᠎ᠠ ᠬᠦᠮᠦᠵᠢᠯ ᠢ | ᠪᠠᠶᠢᠩᠭᠤᠵᠢᠭᠤᠯᠵᠤ ᠵᠢᠷᠣᠮᠵᠢᠭᠤᠯᠬᠤ ᠠᠵᠢᠯ ᠢ ᠠᠬᠢᠭᠤᠯᠬᠤ ᠬᠤᠷᠠᠯ ᠬᠦᠬᠡᠬᠤᠳᠠ ᠳᠤ ᠬᠤᠷᠠᠯᠳᠤᠪᠠ᠃ ᠦᠪᠡᠷᠳᠡᠭᠡᠨ | ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠯᠢ ᠵᠢᠢ ᠾᠧᠩ ᠴᠤᠬᠤᠯᠠᠪᠤᠷᠢ ᠦᠭᠴᠤ᠂ ᠦᠪᠡᠷᠳᠡᠭᠡᠨ ᠵᠠᠰᠬᠠᠤ | ᠤᠷᠤᠨ ᠤ ᠨᠠᠮ ᠤᠨ ᠬᠤᠷᠢᠶ᠎ᠠ ᠶᠢ ᠲᠦᠯᠦᠭᠡᠯᠡᠨ ᠪᠦᠬᠦ ᠤᠷᠤᠨ ᠤ ᠦᠷᠭᠡᠨ ᠤᠯᠠᠨ ᠪᠠᠶᠢᠭᠤᠯᠭ᠎ᠠ ᠶᠢᠨ ᠨᠠᠮ ᠤᠨ | ᠪᠠᠶᠢᠭᠤᠯᠤᠯᠲᠠ ᠶᠢᠨ ᠠᠵᠢᠯᠳᠠᠨ ᠳᠤ ᠡᠷᠬᠢᠮ ᠲᠡᠭᠡᠳᠦ ᠬᠦᠨᠳᠦᠳᠭᠡᠯ ᠢᠶᠠᠨ ᠲᠡᠪᠰᠢᠭᠦᠯᠪᠡ᠃ | ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠡᠰᠢᠭᠦᠨ᠂ ᠨᠠᠷᠢᠨ ᠪᠢᠴᠢᠭ ᠤᠨ | ᠲᠠᠷᠤᠭ᠎ᠠ᠂ ᠤᠷᠤᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠨᠠᠮ ᠤᠨ ᠠᠵᠢᠯ ᠤᠨ ᠬᠤᠷᠢᠶ᠎ᠠ ᠶᠢᠨ ᠱᠦᠵᠢ ᠯᠦᠸᠧ | ᠶᠦᠩ ᠭᠠᠩ ᠬᠤᠷᠠᠯ ᠳᠤ ᠤᠷᠤᠯᠴᠠᠨ ᠶᠠᠷᠢᠶ᠎ᠠ ᠲᠠᠯᠪᠢᠪᠠ᠃ | ᠯᠢ ᠵᠢᠢ ᠾᠧᠩ ᠴᠤᠬᠤᠯᠠᠪᠤᠷᠢ ᠳᠠᠭᠠᠨ᠂ ᠤᠷᠤᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠡᠯ᠎ᠠ ᠱᠠᠳᠤᠨ ᠤ | ᠨᠠᠮ ᠤᠨ ᠵᠤᠬᠢᠶᠠᠨ ᠪᠠᠶᠢᠭᠤᠯᠤᠯᠲᠠ ᠪᠠ ᠦᠷᠭᠡᠨ ᠤᠯᠠᠨ ᠨᠠᠮ ᠤᠨ ᠬᠡᠰᠢᠭᠦᠨ ᠺᠠᠳ᠋ᠷᠴᠣᠳ ︽ᠲᠦᠷᠪᠡᠨ ᠤᠬᠠᠮᠰᠠᠷ︾ | ᠢᠶᠠᠨ ᠴᠢᠨᠠᠬᠰᠢᠳᠠ ᠴᠢᠩᠭᠠᠷᠠᠭᠤᠯᠵᠤ᠂ ᠨᠡᠩ ᠡᠷᠡᠰ ᠪᠠᠳᠤ ᠤᠬᠠᠮᠰᠠᠷ ᠠᠴᠠ ᠪᠠᠨ ᠰᠢ ᠶᠢᠨ ᠫᠢᠩ ᠨᠦᠬᠦᠷ ᠢᠶᠠᠷ ᠭᠤᠤᠯ | ᠪᠤᠯᠭᠠᠬᠰᠠᠨ ᠨᠠᠮ ᠤᠨ ᠲᠦᠪ ᠬᠤᠷᠢᠶ᠎ᠠ ᠲᠠᠢ ᠲᠡᠭᠡᠳᠦ ᠬᠡᠮᠵᠢᠶ᠎ᠠ ᠪᠠᠷ ᠨᠢᠭᠡᠳᠦᠯᠳᠡᠢ ᠪᠠᠶᠢᠵᠤ᠂ ᠲᠦᠪ ᠤᠨ ᠲᠤᠭᠤᠷᠢᠨ | ᠪᠠᠶᠢᠴᠠᠭᠠᠬᠤ ᠳᠤᠭᠤᠶᠢᠯᠠᠩ ᠤᠨ ᠮᠠᠨ ᠤ ᠤᠷᠤᠨ ᠳᠤ ᠲᠤᠭᠤᠷᠢᠨ ᠪᠠᠶᠢᠴᠠᠭᠠᠵᠤ ︽ᠡᠷᠬᠢᠨ ᠬᠠᠷᠠᠵᠤ︾ ᠬᠠᠷᠢᠭᠤ | ᠲᠤᠰᠬᠠᠬᠰᠠᠨ ᠰᠠᠨᠠᠯ ᠤᠨ ᠵᠤᠷᠢᠭ ᠰᠠᠨᠠᠭ᠎ᠠ ᠶᠢ ᠬᠢᠨᠠᠮᠠᠭᠠᠢ ᠰᠤᠷᠤᠯᠴᠠᠨ ᠲᠤᠤᠱᠯᠠᠭᠤᠯᠵᠤ᠂ ᠨᠠᠮ ᠤᠨ ᠲᠦᠷᠢᠮ | ᠲᠤᠬᠳᠠᠭᠠᠯ ᠢ ᠰᠤᠷᠤᠯᠴᠠᠨ᠂ ᠰᠢᠷᠢᠰ ᠴᠢᠬᠤᠯᠠ ᠶᠠᠷᠢᠶ᠎ᠠ ᠨᠤᠭᠤᠳ ᠢ ᠰᠤᠷᠤᠯᠴᠠᠵᠤ᠂ ᠬᠢᠷᠢ ᠲᠡᠩᠴᠡᠭᠰᠡᠨ ᠨᠠᠮ ᠤᠨ | ᠬᠡᠰᠢᠭᠦᠨ ᠪᠤᠯᠬᠤ ᠠᠵᠢᠯᠯᠠᠭ᠎ᠠ ᠶᠢ ᠬᠦᠨᠵᠡᠭᠡᠢ ᠦᠷᠨᠢᠭᠦᠯᠵᠤ᠂ ᠨᠠᠮ ᠤᠨ ᠤᠳᠤᠷᠢᠳᠤᠯᠭ᠎ᠠ ᠰᠤᠯᠠᠷᠠᠬᠰᠠᠨ᠂ ᠨᠠᠮ ᠤᠨ | ᠪᠠᠶᠢᠭᠤᠯᠤᠯᠲᠠ ᠰᠤᠯᠠᠷᠠᠭᠰᠠᠨ᠂ ᠨᠠᠮ ᠢ ᠴᠢᠩᠭ᠎ᠠ ᠵᠠᠰᠬᠠᠤ ᠲᠠᠯ᠎ᠠ ᠪᠠᠷ ᠬᠦᠷᠦᠯᠴᠡᠭᠦ ᠦᠭᠡᠢ ᠳᠤᠪᠤᠶᠢᠮ᠎ᠠ | ᠠᠰᠠᠭᠤᠳᠠᠯ ᠳᠤ ᠢᠮᠠᠬᠳᠠ ᠠᠩᠬᠠᠷᠤᠯ ᠢᠶᠠᠨ ᠲᠦᠪᠯᠡᠷᠡᠭᠦᠯᠵᠤ᠂ ᠦᠪᠡᠷ ᠢ ᠪᠠᠨ ᠬᠤᠪᠢᠰᠬᠠᠬᠤ ᠵᠤᠷᠢᠭ ᠰᠠᠨᠠᠭ᠎ᠠ ᠪᠠ | ᠬᠢᠳᠤᠭ᠎ᠠ ᠶᠢᠨ ᠢᠷ ᠢ ᠲᠤᠳᠤᠬᠰᠢ ᠪᠠᠨ ᠬᠠᠨᠳᠤᠭᠤᠯᠬᠤ ᠰᠦᠰᠦ ᠵᠤᠷᠢᠭ ᠢᠶᠠᠷ ︵ᠲᠤᠭᠤᠷᠢᠨ ᠪᠠᠶᠢᠴᠠᠭᠠᠵᠤ ᠴᠡᠭᠴᠡᠯᠡᠨ | ᠰᠠᠶᠢᠵᠢᠷᠠᠭᠤᠯᠬᠤ ᠠᠵᠢᠯ ᠢ ᠯᠠᠪᠳᠠᠭᠤᠨ ᠪᠠᠳᠤᠳᠠᠢ ᠠᠬᠢᠭᠤᠯᠵᠣ᠂ ᠨᠠᠮ ᠤᠨ ᠤᠬᠠᠮᠰᠠᠷ ᠢᠶᠠᠨ ᠴᠢᠨᠠᠬᠰᠢᠳᠠ | ᠴᠢᠩᠭᠠᠷᠠᠭᠤᠯᠤᠨ᠂ ᠨᠠᠮ ᠤᠨ ᠤᠳᠤᠷᠢᠳᠤᠯᠭ᠎ᠠ ᠶᠢ ᠪᠠᠷᠢᠮᠳᠠᠯᠠᠵᠤ᠂ ᠨᠠᠮ ᠤᠨ ᠪᠠᠶᠢᠭᠤᠯᠤᠯᠲᠠ ᠶᠢ ᠴᠢᠨᠠᠬᠰᠢᠳᠠ | ᠴᠢᠩᠭᠠᠳᠬᠠᠨ᠂ ᠨᠠᠮ ᠤᠨ ᠲᠤᠳᠤᠭᠠᠳᠦ ᠶᠢᠨ ᠤᠯᠤᠰ ᠲᠦᠷᠦ ᠶᠢᠨ ᠠᠮᠢᠳᠤᠷᠠᠯ ᠢ ᠴᠢᠩᠳᠠᠯᠠᠵᠤ᠂ ᠤᠯᠤᠰ ᠲᠦᠷᠦ ᠶᠢᠨ | ᠡᠭᠦᠷᠬᠡᠯᠡᠯ ᠢᠶᠠᠨ ᠴᠢᠨᠠᠬᠰᠢᠳᠠ ᠴᠢᠩᠭᠠᠷᠠᠭᠤᠯᠤᠨ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠠᠬᠢᠭᠤᠯᠵᠤ᠂ | ᠤᠷᠤᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠰᠢᠨᠵᠢᠯᠡᠭᠦ ᠤᠬᠠᠭᠠᠨᠴᠢᠯᠠᠬᠤ | ᠲᠦᠪᠰᠢᠨ ᠢ ᠲᠠᠰᠤᠷᠠᠯᠳᠠ ᠦᠭᠡᠢ ᠲᠡᠭᠡᠭᠰᠢᠯᠡᠭᠦᠯᠵᠤ᠂ ᠡᠯ᠎ᠠ ᠵᠦᠢᠯ ᠤᠨ ᠠᠵᠢᠯ ᠢ ᠰᠠᠶᠢᠲᠤᠷ ᠬᠢᠭᠰᠡᠨ ᠰᠢᠯᠢᠳᠡᠭ | ᠠᠮᠵᠢᠯᠳᠡ ᠪᠠᠷ ᠢᠶᠠᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠠᠮᠵᠢᠯᠳᠠ ᠲᠠᠢ ᠬᠤᠷᠠᠯᠳᠤᠬᠤ ᠶᠢ ᠤᠬᠳᠤᠵᠤ᠂ | ᠦᠪᠡᠷᠳᠡᠭᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠭᠡᠯᠡᠭᠦ ᠬᠡᠷᠡᠭᠳᠡᠢ ᠬᠡᠵᠤ ᠵᠢᠭᠠᠵᠣ | ᠭᠠᠷᠭᠠᠪᠠ᠃ | ᠬᠤᠷᠠᠯ ᠠᠴᠠ᠂ ᠲᠡᠷᠢᠭᠦᠨ ᠤ ᠨᠡᠶᠢᠲᠡᠯᠢᠭ ᠵᠢᠱᠢᠶ᠎ᠡ ᠪᠠᠷ ᠲᠠᠭᠤᠷᠢᠶᠠᠯ ᠪᠤᠯᠭᠠᠵᠤ᠂ ᠦᠵᠡᠯ ᠰᠠᠨᠠᠭ᠎ᠠ | ᠲᠠᠨᠢᠯᠳᠠ ᠪᠠᠨ ᠴᠢᠨᠠᠬᠰᠢᠳᠠ ᠲᠡᠭᠡᠭᠰᠢᠯᠡᠭᠦᠯᠦᠨ᠂ ︽ᠬᠤᠶᠠᠷ ᠢ ᠰᠤᠷᠤᠯᠴᠠᠵᠤ ᠬᠢᠷᠢ ᠲᠡᠩᠴᠡᠭᠰᠡᠨ ᠨᠠᠮ ᠤᠨ ᠭᠡᠰᠢᠭᠦᠨ | ᠪᠤᠯᠬᠤ︾ ᠰᠤᠷᠤᠯᠴᠠᠯᠭ᠎ᠠ ᠬᠦᠮᠦᠵᠢᠯ ᠢ ᠪᠠᠶᠢᠩᠭᠤᠵᠢᠭᠤᠯᠵᠤ ᠵᠢᠷᠣᠮᠵᠢᠭᠤᠬᠤ ᠶᠢ ᠠᠬᠢᠭᠤᠯᠬᠤ ᠬᠠᠷᠢᠭᠤᠴᠠᠯᠭᠠᠳᠦ | ᠰᠡᠳᠬᠢᠯᠭᠡ ᠪᠤᠯᠤᠨ ᠲᠡᠤᠭᠡᠨ ᠡᠭᠦᠷᠭᠡᠳᠦ ᠰᠡᠳᠬᠢᠯᠭᠡ ᠪᠠᠨ ᠦᠨᠡᠨᠭᠦ ᠴᠢᠩᠭᠠᠷᠠᠭᠤᠯᠵᠤ᠂ ᠤᠷᠤᠨ ᠤ ᠰᠢᠭᠤᠳ ᠬᠠᠷᠢᠶ᠎ᠠ | ᠪᠠᠶᠢᠭᠤᠯᠭ᠎ᠠ ᠶᠢᠨ ᠦᠷᠭᠡᠨ ᠤᠯᠠᠨ ᠨᠠᠮ ᠤᠨ ᠬᠡᠰᠢᠭᠦᠨ ᠺᠠᠳ᠋ᠷᠴᠣᠳ ᠢ ᠬᠦᠳᠦᠯᠦᠨ ᠵᠢᠯᠤᠭᠤᠳᠴᠤ ᠪᠠᠶᠢᠭᠠᠳ | ᠴᠦᠬᠦᠷᠡᠯ ᠦᠭᠡᠢ ᠪᠠᠷ ᠨᠠᠮ ᠤᠨ ᠲᠦᠷᠢᠮ ᠲᠤᠬᠳᠠᠭᠠᠯ ᠢ ᠰᠤᠷᠤᠯᠴᠠᠨ᠂ ᠴᠢᠬᠤᠯᠠ ᠶᠠᠷᠢᠶ᠎ᠠ ᠨᠤᠭᠤᠳ ᠢ ᠰᠤᠷᠤᠯᠴᠠᠵᠣ᠂ | ᠬᠢᠷᠢ ᠲᠡᠩᠴᠡᠭᠰᠡᠨ ᠨᠠᠮ ᠤᠨ ᠬᠡᠰᠢᠭᠦᠨ ᠪᠣᠯᠵᠣ᠂ ᠤᠬᠠᠮᠰᠠᠷ ᠠᠴᠠ ᠪᠠᠨ ᠲᠤᠭ ᠢ ᠦᠨᠳᠦᠷ ᠮᠠᠨᠳᠤᠭᠤᠯᠬᠤ᠂ | ᠭᠤᠤᠯᠯᠠᠬᠴᠢ ᠪᠠᠨ ᠬᠠᠮᠠᠭᠠᠯᠠᠬᠤ᠂ ᠭᠤᠣᠯ ᠠᠵᠢᠯ ᠤᠨ ᠲᠤᠭᠤᠷᠢᠨ ᠳᠤ ᠶᠡᠭᠡ ᠲᠠᠯ᠎ᠠ ᠳᠤ ᠦᠢᠯᠡᠴᠢᠯᠡᠭᠦ᠂ | ᠰᠤᠷᠳᠠᠯ ᠢᠶᠠᠨ ᠬᠤᠪᠢᠷᠠᠭᠤᠯᠬᠤ᠂ ᠤᠯᠠᠨ ᠲᠦᠮᠡᠨ ᠳᠤ ᠦᠢᠯᠡᠴᠢᠯᠡᠭᠦ ᠪᠠ ᠲᠤᠰ ᠪᠠᠶ᠎ᠠ ᠶᠢᠨ ᠪᠠᠶᠢᠭᠤᠯᠤᠯᠲᠠ ᠪᠠᠨ | ᠴᠢᠩᠭᠠᠳᠬᠠᠬᠤ ᠦᠯᠢᠭᠡᠷ ᠲᠠᠭᠤᠷᠢᠶᠠᠯ ᠪᠤᠯᠬᠤ ᠬᠡᠷᠡᠭᠳᠡᠢ᠃ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ | ᠪᠠᠶᠢᠷᠢᠯᠠᠭᠤᠯᠤᠯᠲᠠ ᠱᠠᠭᠠᠷᠳᠠᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠲᠦᠪ ᠤᠨ ᠲᠤᠭᠤᠷᠢᠨ ᠪᠠᠶᠢᠴᠠᠭᠠᠬᠤ | ᠳᠤᠭᠤᠶᠢᠯᠠᠩ ᠤᠨ ᠲᠤᠭᠤᠷᠢᠨ ᠪᠠᠶᠢᠴᠠᠭᠠᠵᠤ ︽ᠡᠷᠬᠢᠨ ᠬᠠᠷᠠᠵᠤ︾ ᠬᠠᠷᠢᠭᠤ ᠲᠤᠰᠬᠠᠬᠰᠠᠨ ᠰᠠᠨᠠᠯ ᠢ ᠴᠡᠭᠴᠡᠯᠡᠨ | ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠠᠵᠢᠯ ᠢ ᠯᠠᠪᠳᠠᠭᠤᠨ ᠪᠠᠳᠤᠳᠠᠢ ᠠᠬᠢᠭᠤᠯᠵᠤ᠂ ᠰᠠᠨᠠᠭᠠᠴᠢᠯᠠᠭ᠎ᠠ ᠠᠴᠠ ᠪᠠᠨ | ᠠᠰᠠᠭᠤᠳᠠᠯ ᠢ ᠲᠠᠨᠢᠨ ᠠᠪᠴᠣ᠂ ᠨᠢᠭᠡ ᠠᠴᠠ ᠨᠦᠬᠦᠭᠡ ᠶᠢ ᠵᠦᠢᠴᠢᠯᠡᠨ ᠮᠡᠳᠡᠵᠤ᠂ ᠰᠤᠷᠳᠠᠯ ᠢ ᠲᠦᠪ ᠪᠤᠯᠭᠠᠨ | ᠰᠠᠬᠢᠯᠭ᠎ᠠ ᠪᠠᠳᠤ ᠶᠢ ᠴᠢᠩᠳᠠᠯᠠᠬᠤ ᠠᠵᠢᠯᠯᠠᠭ᠎ᠠ ᠶᠢ ᠦᠷᠭᠦᠯᠵᠢᠯᠡᠨ ᠠᠬᠢᠭᠤᠯᠵᠤ᠂ ᠨᠠᠮ ᠤᠨ ᠰᠤᠷᠳᠠᠯ ᠴᠢᠭᠡᠴᠢ | ᠵᠠᠰᠠᠭ ᠤᠨ ᠪᠠᠶᠢᠭᠤᠯᠤᠯᠲᠠ ᠶᠢ ᠶᠡᠭᠡᠪᠡᠷ ᠴᠢᠩᠭᠠᠳᠬᠠᠬᠤ ᠬᠡᠷᠡᠭᠳᠡᠢ᠃ ᠰᠠᠭᠤᠷᠢ ᠶᠢ ᠴᠢᠩᠭᠠᠳᠬᠠᠨ ᠦᠨᠳᠦᠰᠦ ᠶᠢ | ᠪᠠᠳᠤᠳᠬᠠᠬᠤ ᠶᠢ ᠪᠠᠷᠢᠮᠳᠠᠯᠠᠨ᠂ ᠨᠠᠮ ᠤᠨ ᠡᠭᠦᠷ ᠢᠶᠠᠷ ᠭᠤᠤᠯ ᠪᠤᠯᠭᠠᠬᠰᠠᠨ ᠦᠨᠳᠦᠰᠦᠨ ᠱᠠᠳᠤᠨ ᠤ ᠨᠠᠮ ᠤᠨ | ᠵᠤᠬᠢᠶᠠᠨ ᠪᠠᠶᠢᠭᠤᠯᠤᠯᠲᠠ ᠶᠢᠨ ᠴᠤᠬᠴᠠᠯᠠᠯᠳᠠ ᠶᠢ ᠦᠨᠡᠨᠭᠦ ᠰᠠᠶᠢᠲᠤᠷ ᠠᠳᠬᠤᠵᠤ᠂ ᠨᠡᠮ ᠤᠨ ᠡᠭᠦᠷ ᠤᠨ ᠱᠦᠵᠢ᠂ | ᠨᠠᠮ ᠤᠨ ᠡᠭᠦᠷ ᠤᠨ ᠠᠵᠢᠯᠯᠠᠭ᠎ᠠ ᠪᠠ ᠲᠦᠷᠢᠮ ᠢ ᠨᠠᠶᠢᠳᠠᠪᠤᠷᠢᠵᠢᠭᠤᠯᠬᠤ ᠶᠢ ᠭᠤᠤᠯᠳᠠᠯᠭ᠎ᠠ ᠲᠠᠢ ᠰᠠᠶᠢᠲᠤᠷ ᠠᠳᠬᠤᠵᠤ᠂ | ᠨᠠᠮ ᠤᠨ ᠡᠭᠦᠷ ᠢ ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠯᠠᠪᠳᠠᠭᠤᠨ ᠪᠠᠳᠤᠳᠠᠢ ᠠᠬᠢᠭᠤᠯᠵᠤ᠂ ᠲᠡᠷᠢᠭᠦᠨ ᠤ ᠬᠢ ᠶᠢ | ᠡᠭᠦᠳᠴᠤ ᠰᠢᠯᠢᠳᠡᠭ ᠪᠤᠯᠬᠤ ᠪᠠᠷ ᠴᠢᠷᠮᠠᠶᠢᠬᠤ ᠠᠵᠢᠯᠯᠠᠭ᠎ᠠ ᠶᠢ ᠶᠡᠭᠡᠪᠡᠷ ᠦᠷᠨᠢᠭᠦᠯᠵᠤ᠂ ᠨᠠᠮ ᠤᠨ ᠪᠠᠶᠢᠭᠤᠯᠤᠯᠲᠠ ᠶᠢᠨ | ᠬᠠᠷᠢᠭᠤᠴᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠱᠠᠯᠠᠪᠳᠠᠭᠤᠯᠤᠨ ᠪᠠᠶᠢᠴᠠᠭᠠᠬᠤ ᠶᠢ ᠴᠢᠩᠭᠠᠷᠠᠭᠤᠯᠵᠤ᠂ | ᠠᠵᠢᠯ ᠤᠨ ᠪᠤᠳᠠᠳᠠᠢ ᠳᠤ ᠨᠠᠶᠢᠳᠠᠪᠤᠷᠢᠵᠢᠭᠤᠯᠤᠭᠳᠠᠬᠤ ᠶᠢ ᠦᠨᠡᠨᠬᠦ ᠪᠠᠳᠤᠯᠠᠬᠤ ᠬᠡᠷᠡᠭᠳᠡᠢ ᠬᠡᠵᠤ ᠱᠠᠭᠠᠷᠳᠠᠪᠠ᠃ | ᠬᠤᠷᠠᠯ ᠠᠴᠠ᠂ ᠤᠶᠢᠷ᠎ᠠ ᠶᠢᠨ ᠵᠢᠯ ᠤᠨ ᠲᠤᠷᠰᠢ ᠤᠷᠤᠨ ᠤ ᠰᠢᠭᠤᠳ ᠬᠠᠷᠢᠶ᠎ᠠ ᠪᠠᠶᠢᠭᠤᠯᠭ᠎ᠠ ᠠᠴᠠ | ᠴᠤᠯᠭᠤᠷᠠᠨ ᠭᠠᠷᠤᠬᠰᠠᠨ ᠨᠠᠮ ᠤᠨ ᠪᠠᠶᠢᠭᠤᠯᠤᠯᠲᠠ ᠶᠢᠨ ᠠᠵᠢᠯ ᠤᠨ ᠲᠡᠷᠢᠭᠦᠨ ᠤ ᠨᠢᠭᠡᠴᠡ᠂ ᠲᠡᠷᠢᠭᠦᠨ ᠤ | ᠦᠨᠳᠦᠰᠦᠨ ᠱᠠᠳᠤᠨ ᠤ ᠨᠠᠮ ᠤᠨ ᠵᠤᠬᠢᠶᠠᠨ ᠪᠠᠶᠢᠭᠤᠯᠤᠯᠲᠠ᠂ ᠰᠢᠯᠢᠳᠡᠭ ᠨᠠᠮ ᠤᠨ ᠬᠡᠰᠢᠭᠦᠨ᠂ ᠰᠢᠯᠢᠳᠡᠭ ᠨᠠᠮ ᠤᠨ | ᠡᠭᠦᠷ ᠤᠨ ᠱᠦᠵᠢ ᠪᠠ ᠰᠢᠯᠢᠳᠡᠭ ᠨᠠᠮ ᠤᠨ ᠠᠵᠢᠯᠳᠠᠳ ᠢ ᠬᠦᠬᠢᠭᠦᠯᠦᠨ ᠰᠠᠶᠢᠰᠢᠶᠠᠪᠠ᠃ ᠤᠷᠤᠨ ᠤ ᠰᠢᠭᠤᠳ | ᠬᠠᠷᠢᠶ᠎ᠠ ᠡᠯ᠎ᠠ ᠨᠢᠭᠡᠴᠡ ᠶᠢᠨ ᠪᠠᠶᠢᠭᠤᠯᠭ᠎ᠠ ᠶᠢᠨ ᠨᠠᠮ ᠤᠨ ᠬᠤᠷᠢᠶ᠎ᠠ ᠶᠢᠨ ᠱᠦᠵᠢ᠂ ᠲᠤᠰᠬᠠᠢ ᠲᠤᠰᠢᠶᠠᠯᠳᠤ ᠲᠡᠳ᠋ | ᠱᠦᠵᠢ᠂ ᠪᠠᠶᠢᠭᠤᠯᠭ᠎ᠠ ᠶᠢᠨ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠶᠢᠨ ᠱᠦᠵᠢ᠂ ᠬᠡᠰᠡᠭ ᠨᠠᠮ ᠤᠨ ᠡᠭᠦᠷ ᠤᠨ | ᠱᠦᠵᠢ ᠪᠠ ᠤᠷᠤᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠨᠠᠮ ᠤᠨ ᠠᠵᠢᠯ ᠤᠨ ᠬᠤᠷᠢᠶ᠎ᠠ ᠶᠢᠨ ᠤᠳᠤᠷᠢᠳᠬᠤ | ᠪᠠᠭ ᠤᠨ ᠪᠦᠷᠢᠯᠳᠦᠭᠦᠨ ᠬᠤᠷᠠᠯ ᠳᠤ ᠤᠷᠤᠯᠴᠠᠵᠠᠢ᠃ |