ᠣᠳᠣᠬᠠᠨ ᠳᠤ ᠠᠵᠢᠯᠲᠠᠨ ᠠᠵᠢᠯᠴᠢᠨ ᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ | ᠮᠥᠩᠭᠦ ᠶᠢ ᠪᠦᠬᠦ ᠤᠯᠤᠰ ᠲᠤ ᠣᠨᠳᠣᠣ ᠭᠠᠵᠠᠷ ᠰᠢᠯᠵᠢᠭᠦᠯᠦᠨ ᠦᠷᠭᠦᠯᠵᠢᠯᠡᠭᠦᠯᠬᠦ ᠮᠡᠳᠡᠭᠡ ᠵᠠᠩᠭᠢ ᠶᠢ ᠰᠣᠯᠢᠯᠴᠠᠨ | ᠬᠠᠮᠲᠤ ᠪᠠᠷ ᠬᠦᠷᠲᠡᠬᠦ ᠶᠢ ᠪᠡᠶᠡᠯᠡᠭᠦᠯᠬᠦ ᠳᠤ ᠪᠡᠷᠬᠡᠲᠡᠶ ᠪᠠᠶᠢᠵᠤ᠂ ᠠᠵᠢᠯᠲᠠᠨ ᠠᠵᠢᠯᠴᠢᠨ ᠬᠤᠶᠠᠷ ᠭᠠᠵᠠᠷ ᠲᠤ ᠣᠴᠢᠵᠤ | ᠭᠠᠷ ᠭᠦᠢᠴᠡᠳᠬᠡᠯ ᠬᠢᠬᠦ ᠴᠢᠬᠤᠯᠠᠲᠠᠢ ᠪᠠᠶᠢᠨ᠎ᠠ᠂ ᠡᠨᠡ ᠬᠦ ᠬᠦᠴᠢᠷᠲᠡᠢ ᠠᠰᠠᠭᠤᠳᠠᠯ ᠰᠢᠶᠳᠪᠦᠷᠢᠯᠡᠬᠦ ᠶᠢᠨ ᠲᠤᠰᠠᠳᠠ᠂ | ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠪᠦᠬᠦ ᠤᠯᠤᠰ ᠤᠨ ᠣᠷᠣᠨ ᠰᠠᠭᠤᠴᠠ ᠶᠢᠨ | ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢ ᠣᠨᠳᠣᠣ ᠭᠠᠵᠠᠷ ᠲᠤ ᠰᠢᠯᠵᠢᠭᠦᠯᠦᠨ ᠦᠷᠭᠦᠯᠵᠢᠯᠡᠭᠦᠯᠬᠦ ᠲᠠᠪᠴᠠᠩ ᠢ | ᠵᠣᠬᠢᠶᠠᠨ ᠪᠠᠶᠢᠭᠤᠯᠤᠨ ᠨᠡᠬᠡᠬᠡᠪᠡ᠃ ᠲᠠᠪᠴᠠᠩ ᠢ ᠨᠡᠪᠲᠡᠷᠡᠭᠦᠯᠦᠭᠰᠡᠨ ᠤ ᠳᠠᠷᠠᠭ᠎ᠠ ᠣᠷᠣᠨ ᠰᠠᠭᠤᠴᠠ ᠶᠢᠨ | ᠨᠡᠶᠢᠲᠡ ᠶᠢᠨ ᠬᠤᠷᠠᠮᠳᠤᠯᠠᠭ᠎ᠠ ᠶᠢᠨ ᠮᠥᠩᠭᠦ ᠲᠤᠰᠢᠶᠠᠭᠴᠢ ᠣᠨᠳᠣᠣ ᠭᠠᠵᠠᠷ ᠲᠤ ᠰᠢᠯᠵᠢᠭᠦᠯᠦᠨ ᠦᠷᠭᠦᠯᠵᠢᠯᠡᠭᠦᠯᠬᠦ | ᠭᠠᠷᠳᠠᠮ ᠭᠦᠢᠴᠡᠳᠬᠡᠬᠦ ᠳᠤ ᠵᠥᠪᠬᠡᠨ ᠰᠢᠯᠵᠢᠨ ᠣᠷᠤᠭᠤᠯᠬᠤ ᠭᠠᠵᠠᠷ ᠤᠨ ᠲᠥᠪ ᠲᠤ ᠭᠤᠶᠤᠴᠢᠯᠠᠪᠠᠯ ᠪᠣᠯᠴᠢᠬᠠᠨ᠎ᠠ᠃ | ᠰᠢᠯᠵᠢᠭᠦᠯᠦᠨ ᠭᠠᠷᠭᠠᠬᠤ ᠭᠠᠵᠠᠷ ᠤᠨ ᠲᠥᠪ ᠨᠢ ᠮᠡᠳᠡᠭᠡ ᠵᠠᠩᠭᠢ ᠪᠣᠯᠤᠨ ᠪᠡᠯᠡ ᠮᠥᠩᠭᠦ ᠶᠢ ᠰᠢᠯᠵᠢᠭᠦᠯᠦᠨ | ᠭᠠᠷᠭᠠᠵᠤ᠂ ᠰᠢᠯᠵᠢᠨ ᠣᠷᠤᠭᠤᠯᠬᠤ ᠭᠠᠵᠠᠷ ᠤᠨ ᠲᠥᠪ ᠨᠢ ᠮᠡᠳᠡᠭᠡ ᠵᠠᠩᠭᠢ ᠶᠢ ᠬᠦᠯᠢᠶᠡᠠ ᠠᠪᠴᠤ᠂ ᠪᠡᠯᠡ | ᠮᠥᠩᠭᠦ ᠶᠢ ᠨᠢ ᠳᠠᠩᠰᠠᠯᠠᠨ ᠣᠷᠤᠭᠤᠯᠤᠨ᠎ᠠ᠃ ᠰᠦᠯᠵᠢᠶᠡᠨ ᠳᠡᠭᠡᠷ᠎ᠡ ᠲᠠᠪᠴᠠᠩ ᠢᠶᠠᠷ ᠣᠨᠳᠣᠣ ᠭᠠᠵᠠᠷ ᠲᠤ | ᠰᠢᠯᠵᠢᠭᠦᠯᠦᠨ ᠦᠷᠭᠦᠯᠵᠢᠯᠡᠭᠦᠯᠬᠦ ᠭᠠᠷᠳᠠᠮ ᠭᠦᠢᠴᠡᠳᠬᠡᠬᠦ᠂ ᠳᠠᠩᠰᠠ ᠨᠢ ᠬᠦᠮᠦᠨ ᠢᠶᠠᠨ ᠳᠠᠭᠠᠵᠤ᠂ ᠵᠣᠭᠤᠰ ᠨᠢ | ᠳᠠᠩᠰᠠ ᠪᠠᠨ ᠳᠠᠭᠠᠨ᠎ᠠ᠃ ᠣᠳᠣᠬᠠᠨ ᠳᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦᠨ ᠤ | ᠬᠠᠮᠢᠶᠠᠷᠤᠯᠲᠠ ᠶᠢᠨ ᠲᠥᠪ ᠨᠢ ᠲᠠᠪᠴᠠᠩ ᠢ ᠶᠠᠭ ᠬᠤᠯᠪᠤᠨ ᠲᠣᠬᠢᠷᠠᠭᠤᠯᠬᠤ ᠪᠠ ᠲᠤᠷᠰᠢᠨ ᠰᠢᠯᠭᠠᠵᠤ ᠪᠠᠶᠢᠨ᠎ᠠ᠂ 6 | ᠳ᠋ᠤᠭᠠᠷ ᠰᠠᠷ᠎ᠠ ᠶᠢᠨ ᠡᠴᠦᠰ ᠢᠶᠠᠷ ᠰᠦᠯᠵᠢᠶᠡᠨ ᠳᠤ ᠬᠤᠯᠪᠣᠨ 7 ᠳ᠋ᠤᠭᠠᠷ ᠰᠠᠷ᠎ᠠ ᠳᠤ ᠠᠵᠢᠯᠯᠠᠭᠤᠯᠬᠤ ᠶᠢ ᠥᠨᠡᠨᠬᠦ | ᠪᠠᠲᠤᠯᠠᠨ᠂ ᠰᠢᠯᠢ ᠶᠢᠨ ᠭᠤᠣᠯ ᠠᠶᠢᠮᠠᠭ ᠤᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ | ᠮᠥᠩᠭᠦ ᠶᠢ ᠣᠨᠳᠣᠣ ᠭᠠᠵᠠᠷ ᠲᠤ ᠰᠢᠯᠵᠢᠭᠦᠯᠦᠨ ᠦᠷᠭᠦᠯᠵᠢᠯᠡᠭᠦᠯᠬᠦ ᠲᠠᠪᠴᠠᠩ ᠢ ᠪᠦᠬᠦ ᠤᠯᠤᠰ ᠤᠨ ᠰᠦᠯᠵᠢᠶ᠎ᠡ ᠲᠠᠢ | ᠬᠤᠯᠪᠣᠨ᠎ᠠ᠃ |