ᠥᠪᠥᠷ ᠮᠣᠩᠭᠤᠯ ᠤᠨ ᠭᠠᠩᠳᠠᠮᠠᠯ ᠨᠤᠲᠤᠭ ᠲᠤ ᠬᠤᠷ᠎ᠠ ᠪᠣᠷᠣᠭᠠᠨ ᠢᠪᠡᠭᠡᠵᠦ 3᠎ ᠤ ᠡᠳᠦᠷ ᠠᠴᠠ 7᠎ ᠤ ᠡᠳᠦᠷ ᠪᠣᠯᠲᠠᠯ᠎ᠠ ᠬᠤᠷ᠎ᠠ ᠪᠣᠷᠣᠭᠠᠨ ᠲᠥᠪᠯᠡᠷᠡᠨ ᠣᠷᠣᠬᠤ ᠪᠣᠯᠣᠨ᠎ᠠ
ᠨᠡᠶᠢᠲᠡᠯᠡᠭᠰᠡᠨ ᠴᠠᠭ᠄
2017/6/5
     ᠬᠦᠶᠲᠡᠨ ᠳᠤᠯᠠᠭᠠᠨ ᠠᠭᠤᠷ ᠠᠮᠢᠰᠬᠤᠯ ᠤᠨ ᠬᠠᠮᠲᠤ ᠶᠢᠨ ᠨᠥᠯᠥᠭᠡᠯᠡᠯ ᠢᠶᠠᠷ᠂ ᠢᠷᠡᠬᠦ ᠲᠠᠪᠤᠨ ᠡᠳᠦᠷ ᠲᠤ ᠥᠪᠥᠷ ᠮᠣᠩᠭᠤᠯ ᠤᠨ ᠪᠥᠬᠦ ᠣᠷᠣᠨ ᠤ ᠶᠡᠬᠡᠩᠬᠢ ᠭᠠᠵᠠᠷ ᠣᠷᠣᠨ ᠳᠤ ᠬᠤᠷ᠎ᠠ ᠪᠤᠷᠤᠭᠠᠨ ᠣᠷᠣᠵᠤ ᠭᠠᠩ ᠲᠠᠶᠢᠯᠬᠤ ᠪᠣᠯᠣᠨ᠎ᠠ᠃ ᠪᠥᠬᠦ ᠣᠷᠣᠨ ᠤ ᠶᠡᠬᠡᠩᠬᠢ ᠬᠡᠰᠡᠭ ᠲᠤ ᠭᠤᠣᠯᠳᠠᠭᠤ ᠪᠠᠭ᠎ᠠ ᠪᠣᠷᠣᠭᠠᠨ ᠣᠷᠣᠨ᠎ᠠ︔ ᠡᠭᠦᠨ ᠳᠤ ᠳᠤᠮᠳᠠ ᠵᠡᠭᠦᠨ ᠬᠡᠰᠡᠭ ᠲᠤ ᠳᠤᠮᠳᠠ ᠵᠡᠷᠭᠡ ᠶᠢᠨ ᠪᠣᠷᠣᠭᠠᠨ ᠣᠷᠣᠵᠤ᠂ ᠪᠠᠶᠠᠨᠨᠠᠭᠤᠷ ᠬᠤᠲᠠ ᠶᠢᠨ ᠵᠡᠭᠦᠨ ᠡᠮᠦᠨ᠎ᠡ ᠬᠡᠰᠡᠭ᠂ ᠣᠷᠳᠣᠰ ᠬᠤᠲᠠ ᠶᠢᠨ ᠶᠡᠬᠡᠩᠬᠢ ᠬᠡᠰᠡᠭ᠂ ᠪᠤᠭᠤᠲᠤ ᠬᠤᠳᠠ  ᠶᠢᠨ ᠡᠮᠦᠨᠡᠲᠦ ᠬᠡᠰᠡᠭ ᠢᠶᠠᠷ ᠶᠡᠭᠡ ᠪᠣᠷᠣᠭᠠᠨ ᠲᠠᠢ︔ ᠣᠷᠳᠣᠰ ᠬᠤᠲᠠ ᠶᠢᠨ ᠳᠤᠮᠳᠠ ᠪᠡᠶ᠎ᠡ ᠶᠢᠨ ᠬᠡᠰᠡᠭ ᠭᠠᠵᠠᠷ ᠢᠶᠠᠷ ᠰᠢᠷᠦᠭᠦᠨ ᠪᠣᠷᠣᠭᠠᠨ ᠣᠷᠣᠵᠤ᠂ ᠬᠤᠷ᠎ᠠ ᠲᠤᠨᠳᠠᠰᠤᠨ ᠤ ᠬᠡᠮᠵᠢᠶ᠎ᠡ ᠨᠢ 50.0 — 70.0 ᠮᠢᠯᠢᠯᠢᠲᠷ ᠲᠤ ᠬᠦᠷᠦᠨ᠎ᠡ᠃ ᠡᠮᠦᠨᠡᠬᠢ ᠬᠤᠭᠤᠴᠠᠭᠠᠨ ᠤ ᠭᠠᠩᠳᠠᠭᠰᠠᠨ ᠣᠷᠣᠨ ᠤ ᠭᠠᠩ ᠬᠠᠭᠰᠠᠷᠠᠭᠠᠨ ᠤ ᠪᠠᠶᠢᠳᠠᠯ ᠢ ᠨᠠᠮᠲᠠᠭᠤᠯᠬᠤ ᠪᠠ ᠤᠢ ᠰᠢᠭᠤᠶ ᠨᠤᠲᠤᠭ ᠪᠡᠯᠴᠢᠭᠡᠷ ᠤᠨ ᠲᠦᠢᠮᠡᠷ ᠤᠨ ᠠᠶᠤᠯ ᠤᠨ ᠵᠡᠷᠭᠡ ᠳᠡᠰ ᠢ ᠪᠠᠭᠤᠷᠠᠭᠤᠯᠬᠤ ᠳᠤ ᠲᠤᠰᠠ ᠦᠵᠡᠭᠦᠯᠬᠦ ᠪᠣᠯᠣᠨ᠎ᠠ᠃      ᠬᠠᠮᠢᠶ᠎ᠠ ᠪᠦᠬᠦᠢ ᠭᠠᠵᠠᠷ ᠣᠷᠣᠨ ᠪᠠᠰᠠ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠢ ᠰᠠᠶᠢᠲᠤᠷ ᠲᠣᠬᠢᠷᠠᠭᠤᠯᠵᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠦᠢᠯᠡᠰ ᠨᠢ ᠵᠠᠮ ᠨᠣᠶᠢᠲᠠᠨ ᠭᠤᠯᠭᠤᠬᠤ  ᠪᠠ ᠬᠤᠷ᠎ᠠ ᠪᠣᠷᠣᠭᠠᠨ ᠠᠴᠠ ᠪᠣᠯᠵᠤ ᠦᠵᠡᠭᠳᠡᠴᠡ ᠳᠣᠷᠣᠭᠰᠢᠯᠠᠨ ᠵᠡᠮ ᠬᠠᠷᠢᠯᠴᠠᠭ᠎ᠠ ᠶᠢᠨ ᠠᠮᠤᠷ ᠲᠦᠪᠰᠢᠨ ᠢ ᠨᠥᠯᠥᠭᠡᠯᠡᠬᠦ ᠶᠢ ᠠᠩᠬᠠᠷᠬᠤ ᠬᠡᠷᠡᠭᠲᠡᠢ︔ ᠣᠯᠠᠨ ᠨᠡᠶᠢᠲᠡ ᠪᠠᠷ ᠢᠶᠠᠨ ᠲᠤᠬᠠᠶ ᠶᠢᠨ ᠭᠠᠵᠠᠷ ᠤᠨ ᠴᠠᠭ ᠠᠭᠤᠷ ᠤᠨ ᠤᠷᠢᠳᠴᠢᠯᠠᠭᠰᠠᠨ ᠮᠡᠳᠡᠭᠡ ᠶᠢ ᠴᠠᠭ ᠢᠮᠠᠭᠲᠠ ᠠᠩᠬᠠᠷᠴᠤ᠂ ᠰᠡᠷᠭᠡᠶᠢᠯᠡᠬᠦ ᠠᠵᠢᠯ ᠢ ᠰᠠᠶᠢᠲᠤᠷ ᠬᠢᠵᠦ᠂ ᠭᠠᠳᠠᠭᠰᠢ ᠭᠠᠷᠬᠤ ᠪᠠ ᠭᠡᠷ ᠤᠨ ᠭᠠᠳᠠᠨᠠᠬᠢ ᠠᠵᠢᠯᠯᠠᠭ᠎ᠠ ᠪᠠᠨ ᠰᠠᠶᠢᠬᠠᠨ ᠲᠣᠬᠢᠷᠠᠭᠤᠯᠬᠤ ᠬᠡᠷᠡᠭᠲᠡᠶ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号