ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠣᠶᠢᠷ᠎ᠠ ᠳᠤ | ᠳᠠᠷᠤᠮᠠᠯᠯᠠᠨ ᠲᠠᠷᠬᠠᠭᠠᠭᠰᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯ ᠤᠨ ᠨᠥᠯᠥᠭᠡᠨ ᠤ | ᠡᠪᠡᠳᠴᠢᠨ ᠢ ᠰᠡᠷᠭᠡᠶᠢᠯᠡᠨ ᠵᠠᠰᠠᠬᠤ ᠲᠥᠯᠥᠪᠵᠢᠭᠦᠯᠭᠡ ︵2017-2020︶︾ ᠳᠤ ᠵᠢᠭᠠᠵᠤ ᠭᠠᠷᠭᠠᠭᠰᠠᠨ ᠨᠢ᠂ | 2016 ᠣᠨ ᠤ ᠵᠢᠯ ᠤᠨ ᠡᠴᠦᠰ ᠪᠣᠯᠲᠠᠯ᠎ᠠ᠂ ᠪᠥᠬᠦ ᠣᠷᠣᠨ ᠳᠤ ᠠᠵᠢᠯ ᠤᠨ ᠨᠥᠯᠥᠭᠡᠨ ᠤ ᠡᠪᠡᠳᠴᠢᠨ ᠢ ᠨᠡᠶᠢᠲᠡ | 18435 ᠵᠢᠱᠢᠶ᠎ᠡ ᠮᠡᠳᠡᠭᠦᠯᠪᠡ᠂ ᠡᠭᠦᠨ ᠳᠤ 2010 ᠤᠨ ᠠᠴᠠ 2016 ᠤᠨ ᠪᠤᠯᠲᠠᠯ᠎ᠠ 2392 ᠡᠪᠡᠳᠴᠢᠨ ᠤ | ᠵᠢᠱᠢᠶ᠎ᠡ ᠰᠢᠨ᠎ᠡ ᠪᠠᠷ ᠨᠡᠮᠡᠭᠳᠡᠵᠤ᠂ ᠳᠤᠮᠳᠠᠴᠢ ᠪᠠᠷ ᠵᠢᠯ ᠪᠦᠷᠢ 342 ᠵᠢᠱᠢᠶ᠎ᠡ ᠰᠢᠨ᠎ᠡ ᠪᠠᠷ ᠨᠡᠮᠡᠭᠳᠡᠪᠡ᠃ | ᠲᠥᠯᠥᠪᠵᠢᠭᠦᠯᠭᠡ ᠳᠤ᠂ 2020 ᠣᠨ ᠪᠣᠯᠬᠤ ᠳᠤ᠂ ᠥᠪᠥᠷ ᠮᠣᠩᠭᠤᠯ ᠬᠥᠮᠦᠨ ᠬᠡᠷᠡᠭᠯᠡᠬᠦ ᠨᠢᠭᠡᠴᠡ ᠬᠠᠷᠢᠭᠤᠴᠠᠬᠤ᠂ | ᠵᠠᠰᠠᠭ ᠵᠠᠬᠢᠷᠭᠠᠨ ᠤ ᠪᠠᠶᠢᠭᠤᠯᠭ᠎ᠠ ᠬᠢᠨᠠᠨ ᠬᠠᠮᠢᠶᠠᠷᠬᠤ᠂ ᠠᠵᠢᠯ ᠲᠦᠷᠦᠯ ᠤᠨ ᠬᠢᠨ ᠪᠡᠶ᠎ᠡ ᠪᠠᠨ ᠴᠢᠩᠭ᠎ᠠ | ᠱᠠᠭᠠᠷᠳᠠᠬᠤ᠂ ᠠᠵᠢᠯᠳᠠᠨ ᠠᠵᠢᠯᠴᠢᠨ ᠤᠷᠤᠯᠴᠠᠬᠤ ᠪᠠ ᠨᠡᠶᠢᠭᠡᠮ ᠤᠨ ᠬᠢᠨ ᠬᠢᠨᠠᠯᠲᠠ ᠲᠠᠯᠪᠢᠬᠤ ᠠᠵᠢᠯ ᠤᠨ | ᠨᠥᠯᠥᠭᠡᠨ ᠤ ᠡᠪᠡᠳᠴᠢᠨ ᠢ ᠰᠡᠷᠭᠡᠶᠢᠯᠡᠨ ᠵᠠᠰᠠᠬᠤ ᠠᠵᠢᠯ ᠤᠨ ᠪᠠᠷᠢᠰᠢᠭᠤᠯᠤᠯᠲᠠ ᠶᠢ ᠪᠠᠶᠢᠭᠤᠯᠤᠨ | ᠲᠡᠭᠦᠯᠳᠡᠷᠵᠢᠬᠦᠯᠦᠨ᠎ᠡ ᠬᠡᠵᠤ ᠳᠤᠷᠠᠳᠪᠠ᠃ |