ᠥᠨᠥᠬᠡᠨ᠂ ᠬᠠᠭᠠᠰ ᠵᠢᠯ ᠤᠨ ᠤᠷᠢᠳᠤᠬᠢ ᠬᠤᠭᠤᠴᠠᠭᠠᠨ ᠤ ᠪᠠᠶᠢᠴᠠᠭᠠᠨ ᠰᠤᠳᠤᠯᠤᠯᠲᠠ ᠪᠠ ᠪᠡᠯᠡᠳᠬᠡᠯ ᠢᠶᠠᠷ | ᠳᠠᠮᠵᠢᠭᠠᠳ᠂ ︽ᠪᠡᠭᠡᠵᠢᠩ ᠤᠨ ᠵᠢᠶᠠᠨ ᠾᠧ ᠨᠡᠶᠢᠲᠡ ᠶᠢᠨ ᠠᠰᠠᠷᠠᠮᠵᠢ ᠶᠢᠨ ᠰᠠᠭᠤᠷᠢ ᠮᠥᠩᠭᠦᠨ ᠤ ᠨᠡᠶᠢᠭᠡᠮᠯᠢᠭ ᠠᠴᠠ | ᠬᠠᠨᠳᠢᠪᠯᠠᠭᠰᠠᠨ ᠮᠠᠨᠵᠤᠤᠷ ᠬᠤᠲᠠ ᠶᠢᠨ ᠵᠠᠰᠠᠭ ᠤᠨ ᠣᠷᠳᠣᠨ ᠤ ᠰᠤᠷᠭᠠᠨ ᠬᠥᠮᠦᠵᠢᠯ ᠤᠨ ᠡᠭᠦᠯᠡᠨ ᠲᠠᠪᠴᠠᠩ ᠤᠨ | ᠪᠦᠳᠦᠭᠦᠪᠴᠢ ᠲᠥᠯᠥᠪ ᠢ ᠡᠬᠢᠯᠡᠭᠦᠯᠬᠦ ᠶᠣᠰᠣᠯᠠᠯ︾ ᠭᠠᠳᠠᠭᠠᠳᠤ ᠬᠠᠷᠢᠯᠴᠠᠭᠠᠨ ᠤ ᠣᠷᠳᠣᠨ ᠳᠤ ᠶᠠᠪᠤᠭᠳᠠᠵᠤ᠂ ᠸᠠᠩ | ᠴᠠᠩ ᠴᠦᠨ ᠳᠡᠳ᠋ ᠳᠠᠷᠤᠭ᠎ᠠ ᠬᠤᠳᠠ ᠶᠢᠨ ᠵᠠᠰᠠᠭ ᠤᠨ ᠣᠷᠳᠣᠨ ᠤ ᠡᠮᠦᠨ᠎ᠡ ᠠᠴᠠ ᠪᠡᠭᠡᠵᠢᠩ ᠤᠨ ᠵᠢᠶᠠᠨ ᠾᠧ | ᠨᠡᠶᠢᠲᠡ ᠶᠢᠨ ᠠᠰᠠᠷᠠᠮᠵᠢ ᠶᠢᠨ ᠰᠠᠭᠤᠷᠢ ᠮᠥᠩᠭᠦᠨ ᠤ ᠨᠡᠶᠢᠭᠡᠮᠯᠢᠭ ᠯᠦᠭᠡ ᠬᠠᠨᠳᠢᠪ ᠡᠷᠭᠦᠬᠦ ᠬᠡᠯᠡᠯᠴᠡᠭᠡᠷ ᠲᠤ ᠭᠠᠷ ᠤᠨ | ᠦᠰᠦᠭ ᠵᠢᠷᠤᠪᠠ᠃ | ᠪᠡᠭᠡᠵᠢᠩ ᠤᠨ ᠵᠢᠶᠠᠨ ᠾᠧ ᠨᠡᠶᠢᠲᠡ ᠶᠢᠨ ᠠᠰᠠᠷᠠᠮᠵᠢ ᠶᠢᠨ ᠰᠠᠭᠤᠷᠢ ᠮᠥᠩᠭᠦᠨ ᠤ ᠨᠡᠶᠢᠭᠡᠮᠯᠢᠭ ᠤᠯᠤᠰ ᠤᠨ | ᠤᠷᠢᠶᠠᠯᠠᠭ᠎ᠠ ᠶᠢ ᠲᠠᠭᠠᠵᠦ᠂ ᠴᠥᠭᠡᠨ ᠲᠣᠭᠠᠲᠤ ᠦᠨᠳᠦᠰᠦᠲᠡᠨ ᠤ ᠬᠢᠯᠢ ᠬᠢᠵᠠᠭᠠᠷ ᠣᠷᠣᠨ ᠤ ᠰᠤᠷᠭᠠᠨ ᠬᠥᠮᠦᠵᠢᠯ | ᠡᠮ ᠡᠮᠨᠡᠯᠭᠡ ᠶᠢᠨ ᠦᠢᠯᠡᠰ ᠤᠨ ᠪᠥᠳᠥᠭᠡᠨ ᠪᠠᠶᠢᠭᠤᠯᠤᠯᠲᠠ ᠶᠢ ᠳᠡᠳᠬᠦᠬᠦ ᠵᠣᠷᠢᠯᠲᠠ ᠪᠠᠷ᠂ ᠤᠯᠤᠰ ᠤᠨ | ᠳᠣᠲᠣᠭᠠᠳᠤ ᠶᠢᠨ ᠤᠯᠠᠨ ᠭᠠᠵᠠᠷ ᠲᠤ ᠲᠤᠶᠢᠯ ᠤᠨ ᠣᠨᠣᠪᠴᠢᠲᠠᠢ ᠪᠠᠷ ᠶᠠᠳᠠᠭᠤ ᠶᠢ ᠲᠡᠳᠬᠦᠬᠦ ᠲᠥᠷᠥᠯ ᠵᠦᠢᠯ ᠢ | ᠬᠡᠷᠡᠭᠵᠢᠭᠦᠯᠵᠦ᠂ ᠮᠠᠰᠢ ᠰᠠᠶᠢᠨ ᠨᠡᠶᠢᠭᠡᠮ ᠤᠨ ᠦᠷ᠎ᠡ ᠠᠰᠢᠭ ᠣᠯᠪᠠ᠃ ᠲᠤᠰ ᠤᠳᠠᠭ᠎ᠠ ᠪᠡᠭᠡᠵᠢᠩ ᠤᠨ ᠵᠢᠶᠠᠨ ᠾᠧ | ᠨᠡᠶᠢᠲᠡ ᠶᠢᠨ ᠠᠰᠠᠷᠠᠮᠵᠢ ᠶᠢᠨ ᠰᠠᠭᠤᠷᠢ ᠮᠥᠩᠭᠦᠨ ᠤ ᠨᠡᠶᠢᠭᠡᠮᠯᠢᠭ ᠠᠴᠠ ᠮᠠᠨᠵᠤᠤᠷ ᠬᠤᠲᠠ ᠳᠤ ᠬᠠᠨᠳᠢᠪᠯᠠᠭᠰᠠᠨ | ᠰᠤᠷᠭᠠᠨ ᠬᠥᠮᠦᠵᠢᠯ ᠤᠨ ᠡᠭᠦᠯᠡᠨ ᠲᠠᠪᠴᠠᠩ ᠪᠣᠯ ᠨᠢᠭᠡᠨ ᠢᠵᠢ ᠲᠣᠮᠣ ᠬᠡᠯᠪᠡᠷᠢ ᠶᠢᠨ ᠶᠡᠷᠦᠩᠬᠡᠶᠢᠯᠡᠭᠰᠡᠨ ᠴᠢᠨᠠᠷᠲᠠᠶ | ᠲᠤᠯᠭᠠᠭᠤᠷᠢᠯᠠᠬᠤ ᠵᠥᠭᠡᠯᠡᠨ ᠲᠤᠨᠤᠭ ᠤᠨ ᠰᠢᠰᠲ᠋ᠧᠮ ᠪᠣᠯᠬᠤ ᠪᠦᠭᠡᠳ ᠮᠠᠨᠵᠤᠤᠷ ᠬᠤᠲᠠ ᠶᠢᠨ ︽ᠣᠶᠣᠨᠴᠢᠷ | ᠰᠤᠷᠭᠠᠨ ᠬᠥᠮᠦᠵᠢᠯ ᠤᠨ ᠡᠭᠦᠯᠡ︾ ᠶᠢ ᠪᠦᠲᠦᠭᠡᠨ ᠪᠠᠶᠢᠭᠤᠯᠬᠤ ᠶᠢᠨ ᠰᠠᠭᠤᠷᠢᠯᠠᠬᠤ ᠴᠢᠨᠠᠷᠲᠠᠶ ᠪᠠᠲᠤᠯᠠᠭ᠎ᠠ ᠮᠥᠨ᠃ | ᠰᠠᠭᠤᠷᠢ ᠮᠥᠩᠭᠦᠨ ᠤ ᠨᠡᠶᠢᠭᠡᠮᠯᠢᠭ ᠨᠢ ᠪᠠᠰᠠ ᠮᠠᠨᠵᠤᠤᠷ ᠬᠤᠲᠠ ᠳᠤ 16 ᠲᠠᠰᠤᠯᠭ᠎ᠠ ᠢᠵᠢᠯ ᠳᠠᠪᠲᠠᠮᠵᠢ ᠶᠢᠨ | ᠬᠠᠷᠢᠯᠴᠠᠨ ᠰᠢᠩᠭᠡᠭᠡᠨ ᠨᠡᠪᠲᠡᠷᠡᠭᠦᠯᠬᠦ ᠬᠢᠴᠢᠶᠡᠯ ᠤᠨ ᠭᠡᠷ ᠤᠨ ᠲᠥᠬᠦᠭᠡᠷᠦᠮᠵᠢ ᠵᠢᠴᠢ 60 ᠢᠵᠢ ᠬᠠᠷᠠᠭᠠᠨ | ᠳᠠᠪᠲᠠᠮᠵᠢ ᠶᠢᠨ ᠬᠠᠷᠢᠯᠴᠠᠨ ᠬᠤᠷᠢᠶᠠᠬᠤ ᠲᠥᠬᠦᠭᠡᠷᠦᠮᠵᠢ ᠬᠠᠨᠳᠢᠪᠯᠠᠵᠤ᠂ ᠬᠠᠨᠳᠢᠪ ᠤᠨ ᠪᠦᠬᠦ ᠮᠥᠩᠭᠦ ᠨᠢ 2100 | ᠲᠦᠮᠡᠨ ᠲᠥᠭᠦᠷᠢᠭ ᠲᠤ ᠬᠦᠷᠴᠡᠶ᠃ | ᠲᠤᠰ ᠲᠥᠷᠥᠯ ᠵᠦᠢᠯ ᠤᠨ ᠬᠡᠷᠡᠭᠵᠢᠭᠦᠯᠦᠯᠲᠡ ᠨᠢ ᠮᠠᠨᠵᠤᠤᠷ ᠬᠤᠳᠠ ᠶᠢᠨ ᠰᠤᠷᠭᠠᠨ ᠬᠥᠮᠦᠵᠢᠯ ᠤᠨ ᠮᠡᠳᠡᠭᠡ | ᠵᠠᠩᠭᠢᠵᠢᠯᠲᠠ ᠶᠢᠨ ᠪᠠᠶᠢᠭᠤᠯᠤᠯᠲᠠ ᠶᠢᠨ ᠬᠢᠷᠢ ᠬᠡᠮᠵᠢᠶ᠎ᠡ ᠶᠢ ᠪᠦᠲᠦᠮᠵᠢᠲᠡᠶ ᠪᠠᠷ ᠳᠡᠭᠡᠭᠰᠢᠯᠡᠭᠦᠯᠵᠦ᠂ ᠮᠠᠨᠵᠤᠤᠷ ᠬᠤᠲᠠ | ᠶᠢᠨ ᠣᠶᠣᠨᠴᠢᠷ ᠬᠤᠲᠠ ᠶᠢᠨ ᠪᠥᠲᠥᠭᠡᠨ ᠪᠠᠶᠢᠭᠤᠯᠤᠯᠲᠠ ᠶᠢ ᠬᠦᠴᠦᠲᠡᠶ ᠲᠦᠯᠬᠢᠨ ᠠᠬᠢᠭᠤᠯᠵᠤ᠂ ᠣᠶᠣᠨᠴᠢᠷ | ᠰᠤᠷᠭᠠᠨ ᠬᠥᠮᠦᠵᠢᠯ ᠤᠨ ᠪᠦᠳᠤᠭᠡᠨ ᠪᠠᠶᠢᠭᠤᠯᠤᠯᠲᠠ ᠶᠢ ᠡᠭᠦᠯᠡ ᠴᠠᠭ ᠦᠶ᠎ᠡ ᠳᠤ ᠵᠢᠩᠬᠢᠨᠢ ᠪᠠᠷ ᠳᠠᠪᠰᠢᠨ | ᠣᠷᠣᠭᠤᠯᠪᠠ᠃ ᠲᠤᠰ ᠰᠢᠰᠲ᠋ᠧᠮ ᠢ ᠠᠰᠢᠭᠯᠠᠯᠲᠠ ᠳᠤ ᠣᠷᠣᠭᠤᠯᠤᠨ ᠬᠡᠷᠡᠭᠯᠡᠬᠦ ᠨᠢ ᠰᠤᠷᠭᠠᠨ ᠬᠥᠮᠦᠵᠢᠯ ᠢ ᠭᠤᠣᠯᠴᠢ | ᠪᠦᠭᠡᠳ ᠲᠡᠩᠴᠡᠭᠦᠷᠢᠲᠡᠶ ᠬᠥᠭᠵᠢᠭᠦᠯᠬᠦ ᠶᠢ ᠤᠯᠠᠮ ᠨᠢᠭᠡ ᠠᠯᠬᠤᠮ ᠠᠬᠢᠭᠤᠯᠵᠤ᠂ ᠮᠠᠨᠵᠤᠤᠷ ᠬᠤᠲᠠ ᠶᠢᠨ ᠰᠤᠷᠭᠠᠨ | ᠬᠥᠮᠦᠵᠢᠯ ᠤᠨ ᠵᠢᠭᠠᠨ ᠰᠤᠷᠭᠠᠬᠤ ᠶᠠᠰᠤ ᠴᠢᠨᠠᠷ ᠢ ᠶᠡᠭᠡ ᠬᠡᠪᠴᠢᠶ᠎ᠠ ᠪᠠᠷ ᠳᠡᠭᠡᠭᠰᠢᠯᠡᠭᠦᠯᠵᠦ᠂ ᠬᠡᠪ ᠴᠢᠨᠠᠷ ᠤᠨ | ᠬᠥᠮᠦᠵᠢᠯ ᠢ ᠪᠦᠬᠦ ᠲᠠᠯ᠎ᠠ ᠪᠠᠷ ᠬᠡᠷᠡᠭᠵᠢᠭᠦᠯᠬᠦ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ |