ᠶᠡᠷᠦᠩᠬᠡᠶ ᠪᠡᠯᠡ ᠣᠷᠣᠭᠤᠯᠤᠯᠲᠠ ᠨᠢ 10 ᠳ᠋ᠦᠩᠰᠢᠭᠤᠷ ᠲᠥᠭᠦᠷᠢᠭ ᠪᠦᠬᠦᠢ ᠠᠳᠤᠭᠤᠨ ᠰᠣᠶᠣᠯ ᠤᠨ ᠪᠦᠲᠦᠭᠡᠯᠴᠢ ᠲᠥᠰᠦᠪᠯᠡᠯ ᠤᠨ ᠠᠵᠤ ᠦᠢᠯᠡᠰ ᠤᠨ ᠬᠦᠷᠢᠶᠡᠯᠡᠩ ᠤᠨ ᠲᠥᠷᠥᠯ ᠵᠦᠢᠯ ᠳᠤ ᠲᠦᠩᠯᠢᠶᠣᠤ ᠬᠤᠲᠠ ᠵᠥᠪᠳᠡᠯᠴᠡᠭᠡᠷ ᠲᠣᠭᠲᠠᠪᠠ
ᠨᠡᠶᠢᠲᠡᠯᠡᠭᠰᠡᠨ ᠴᠠᠭ᠄
2017/6/8
      ᠡᠨᠡ ᠵᠢᠯ᠂ ᠲᠦᠩᠯᠢᠶᠣᠤ ᠬᠤᠲᠠ ᠶᠢᠨ ᠬᠤᠷᠴᠢᠨ ᠵᠡᠭᠦᠨ ᠭᠠᠷᠤᠨ ᠬᠤᠶᠢᠲᠤ ᠬᠤᠰᠢᠭᠤ ᠤᠯᠤᠰ ᠤᠨ 5 A ᠲᠠᠰ ᠤᠨ ᠡᠯᠡᠰᠦ ᠮᠠᠩᠬ᠎ᠠ ᠤᠢ ᠰᠢᠭᠤᠶ ᠶᠢᠨ ᠦᠵᠡᠮᠵᠢ ᠶᠢᠨ ᠣᠷᠣᠨ ᠢ ᠪᠠᠶᠢᠭᠤᠯᠬᠤ ᠪᠠᠷ ᠬᠠᠷᠠᠯᠲᠠ ᠪᠣᠯᠭᠠᠵᠤ᠂ ᠠᠳᠤᠭᠤᠨ ᠰᠣᠶᠣᠯ ᠤᠨ ᠠᠵᠤ ᠦᠢᠯᠡᠰ ᠢᠶᠠᠷ ᠲᠣᠯᠣᠭᠠᠶᠢᠯᠠᠭᠴᠢ ᠪᠣᠯᠭᠠᠵᠤ᠂ ᠲᠠᠯ᠎ᠠ ᠨᠤᠲᠤᠭ ᠤᠨ ᠰᠣᠶᠣᠯ ᠢᠶᠠᠷ ᠰᠠᠭᠤᠷᠢ ᠪᠣᠯᠭᠠᠵᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠬᠦᠴᠦᠲᠡᠢ ᠥᠷᠨᠢᠭᠦᠯᠵᠦ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠪᠠᠷ ᠳᠠᠮᠵᠢᠭᠤᠯᠤᠨ ᠬᠤᠷᠴᠢᠨ ᠵᠡᠭᠦᠨ ᠭᠠᠷᠤᠨ ᠬᠤᠶᠢᠲᠤ ᠬᠤᠰᠢᠭᠤ ᠶᠢᠨ ︽ᠰᠣᠶᠣᠯ  + ᠵᠢᠭᠤᠯᠴᠢᠯᠠᠯ + ᠠᠳᠤᠭᠤᠲᠤ ᠪᠢᠴᠢᠬᠠᠨ ᠪᠠᠯᠭᠠᠰᠤ︾᠎ ᠶᠢᠨ ᠵᠢᠭᠤᠯᠴᠢᠯᠠᠯ ᠤᠨ ᠬᠥᠭᠵᠢᠯᠲᠡ ᠶᠢᠨ ᠰᠢᠨ᠎ᠡ ᠵᠠᠭᠪᠤᠷ ᠢ ᠪᠠᠶᠢᠭᠤᠯᠬᠤ ᠪᠠᠷ ᠪᠣᠢ᠃ ᠣᠳᠣᠬᠠᠨ ᠳᠤ ︵ᠭᠡᠷ᠎ᠡ ᠶᠢᠨ ᠡᠳᠦᠷ ᠬᠤᠭᠤᠴᠠᠭ᠎ᠠ ᠨᠢ 5 ᠳ᠋ᠤᠭᠠᠷ ᠰᠠᠷ᠎ᠠ ᠶᠢᠨ 27᠎ ᠤ ᠡᠳᠦᠷ︶᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤ ᠶᠢᠨ ᠵᠠᠰᠠᠭ ᠤᠨ ᠣᠷᠳᠣᠨ ᠲᠦᠩᠯᠢᠶᠣᠤ ᠬᠤᠲᠠ ᠶᠢᠨ ᠸᠤᠷᠳ᠋ ᠺᠣᠮᠫᠠᠨᠢ ᠯᠤᠭ᠎ᠠ ᠠᠳᠤᠭᠤᠨ ᠰᠣᠶᠣᠯ ᠤᠨ ᠪᠦᠲᠦᠭᠡᠯᠴᠢ ᠲᠥᠰᠦᠪᠯᠡᠯ ᠤᠨ ᠠᠵᠤ ᠦᠢᠯᠡᠰ ᠤᠨ ᠬᠦᠷᠢᠶᠡᠯᠡᠩ ᠤᠨ ᠲᠥᠷᠥᠯ ᠵᠦᠢᠯ ᠤᠨ ᠪᠦᠳᠦᠭᠦᠪᠴᠢ ᠵᠥᠪᠳᠡᠯᠴᠡᠭᠡᠷ ᠲᠣᠭᠲᠠᠵᠠᠶ᠃ ᠲᠥᠷᠥᠯ ᠵᠦᠢᠯ ᠤᠨ ᠶᠡᠷᠦᠩᠬᠡᠶ ᠪᠡᠯᠡ ᠣᠷᠣᠭᠤᠯᠤᠯᠲᠠ ᠶᠢ 10 ᠳ᠋ᠦᠩᠰᠢᠭᠤᠷ ᠲᠥᠭᠦᠷᠢᠭ ᠢᠶᠠᠷ ᠲᠥᠯᠥᠪᠯᠡᠵᠦ᠂ ᠪᠥᠲᠥᠭᠡᠨ ᠪᠠᠶᠢᠭᠤᠯᠤᠯᠲᠠ ᠶᠢᠨ ᠠᠭᠤᠯᠭ᠎ᠠ ᠳᠤ ᠨᠢᠭᠡ ᠭᠤᠣᠯ᠂ ᠨᠢᠭᠡ ᠵᠠᠮ᠂ ᠨᠢᠭᠡ ᠲᠥᠪ᠂ ᠤᠯᠠᠨ ᠪᠦᠯᠬᠦᠮ ᠳᠤᠭᠤᠶᠢᠯᠠᠩ ᠪᠠᠭᠲᠠᠵᠠᠶ᠃ ᠡᠭᠦᠨ ᠎ ᠳᠤ᠄ ᠨᠢᠭᠡ ᠭᠤᠣᠯ ᠲᠤᠬᠠᠶᠢᠯᠠᠪᠠᠯ ᠲᠤᠮᠤ ᠬᠡᠯᠪᠡᠷᠢ ᠶᠢᠨ ᠮᠣᠷᠢᠨ ᠤᠷᠤᠯᠳᠤᠭᠠᠨ ᠤ ᠲᠠᠯᠠᠪᠤᠷ ᠢᠶᠠᠷ ᠭᠤᠣᠯ ᠪᠣᠯᠭᠠᠨ᠎ᠠ᠂ ᠨᠢᠭᠡ ᠵᠠᠮ ᠲᠤᠬᠠᠶᠢᠯᠠᠪᠠᠯ ᠭᠤᠤ ︵ᠶᠡᠭᠡ ᠴᠦᠩᠭᠡᠯ ᠤᠨ ᠭᠤᠤ︶᠎ ᠶᠢ ᠲᠤᠭᠤᠷᠢᠭᠰᠠᠨ 10 ᠺᠢᠯᠣᠮᠧᠲᠷ ᠤᠨ ᠲᠦᠮᠡᠨ ᠠᠭᠲᠠ ᠶᠢᠨ ᠭᠦᠶᠦᠯᠲᠡ ᠶᠢᠨ ᠵᠠᠮ ᠭᠠᠷᠭᠠᠨ᠎ᠠ᠂ ᠨᠢᠭᠡ ᠲᠥᠪ ᠲᠤᠬᠠᠶᠢᠯᠠᠪᠠᠯ ᠠᠳᠤᠭᠤᠨ ᠰᠣᠶᠣᠯ ᠢ ᠰᠤᠳᠤᠯᠬᠤ ᠲᠥᠪ ᠪᠠᠶᠢᠭᠤᠯᠤᠨ᠎ᠠ᠂ ᠤᠯᠠᠨ ᠪᠦᠯᠬᠦᠮ ᠳᠤᠭᠤᠶᠢᠯᠠᠩ᠂ ᠲᠤᠬᠠᠶᠢᠯᠠᠪᠠᠯ ᠮᠣᠷᠢᠨ ᠮᠡᠷᠭᠡᠵᠢᠯ ᠠᠳᠤᠭᠤᠨ ᠦᠢᠯᠡᠰ ᠤᠨ ᠳᠡᠭᠡᠳᠦ ᠰᠤᠷᠭᠠᠭᠤᠯᠢ ︵ᠡᠭᠦᠨ ᠳᠤ ᠮᠤᠷᠢᠨ ᠮᠡᠷᠭᠡᠵᠢᠯ ᠤᠨ ᠰᠫᠣᠷᠲ ᠤᠨ ᠲᠤᠰᠬᠠᠶ ᠮᠡᠷᠭᠡᠵᠢᠯᠲᠡᠨ ᠤ ᠨᠡᠶᠢᠭᠡᠮ ᠲᠣᠭᠤᠷᠢᠭ ᠪᠠ ᠭᠡᠷ ᠳᠣᠲᠣᠷᠠᠬᠢ ᠶᠡᠷᠦᠩᠬᠡᠶᠢᠯᠡᠭᠰᠡᠨ ᠮᠣᠷᠢᠨ ᠮᠡᠷᠭᠡᠵᠢᠯ ᠤᠨ ᠣᠷᠳᠣᠨ ᠪᠠᠭᠲᠠᠨ᠎ᠠ︶᠂ ᠮᠤᠷᠢᠨ ᠮᠡᠷᠭᠡᠵᠢᠯ ᠤᠨ ᠦᠵᠡᠭᠦᠯᠦᠯᠭᠡ ᠶᠢᠨ ᠭᠠᠵᠠᠷ᠂ ᠮᠣᠷᠢᠨ ᠮᠡᠷᠭᠡᠵᠢᠯ ᠤᠨ ᠺᠯᠦ᠋ᠪ᠂ ᠠᠳᠤᠭᠤᠨ ᠰᠣᠶᠣᠯ ᠤᠨ ᠮᠦᠽᠧᠶ᠂ ᠠᠳᠤᠭᠤᠨ ᠰᠣᠶᠣᠯ ᠤᠨ ᠦᠵᠡᠰᠬᠦᠯᠡᠩ ᠤᠨ ᠣᠷᠳᠣᠨ᠂ ᠮᠣᠷᠢ ᠰᠣᠷᠢᠬᠤ ᠰᠠᠭᠤᠷᠢᠨ ᠭᠠᠵᠠᠷ᠂ ᠥᠪᠥᠷ ᠮᠣᠩᠭᠤᠯ ᠤᠨ ᠵᠡᠭᠦᠨ ᠬᠡᠰᠡᠭ ᠤᠨ ᠠᠳᠤᠭᠤ ᠪᠠ ᠠᠳᠤᠭᠤᠨ ᠤ ᠡᠳ᠋ᠯᠡᠯ ᠬᠡᠷᠡᠭᠰᠡᠯ ᠤᠨ ᠠᠷᠠᠯᠵᠢᠶᠠᠨ ᠤ ᠲᠥᠪ ᠂ ᠠᠳᠤᠭᠤᠨ ᠤ ᠡᠭᠦᠯᠳᠡᠷ ᠰᠠᠶᠢᠵᠢᠷᠠᠭᠤᠯᠬᠤ ᠪᠠ ᠮᠣᠩᠭᠤᠯ ᠠᠳᠤᠭᠤ ᠶᠢ ᠬᠠᠮᠠᠭᠠᠯᠠᠬᠤ ᠲᠥᠪ᠂ ᠠᠳᠤᠭᠤ ᠡᠮᠨᠡᠬᠦ ᠭᠠᠵᠠᠷ᠂ ᠭᠡᠰᠢᠭᠦᠨ ᠵᠢᠴᠢ ᠤᠷᠠᠯᠢᠭᠴᠢᠨ ᠤ ᠡᠳ᠋ᠯᠡᠩ᠂ ᠠᠳᠤᠭᠤᠨ ᠰᠣᠶᠣᠯ ᠤᠨ ᠭᠤᠣᠯ ᠰᠡᠳᠦᠪᠲᠦ ᠲᠣᠭᠯᠠᠯᠲᠠ ᠶᠢᠨ ᠲᠥᠪ᠂ ᠠᠳᠤᠭᠤᠨ ᠎ ᠤ ᠭᠠᠷᠤᠯᠲᠠ ᠶᠢ ᠭᠦᠨᠵᠡᠭᠡᠶ ᠪᠣᠯᠪᠠᠰᠤᠷᠠᠭᠤᠯᠬᠤ ᠰᠠᠭᠤᠷᠢᠨ ᠭᠠᠵᠠᠷ ᠵᠡᠷᠭᠡ ᠲᠥᠷᠥᠯ ᠵᠦᠢᠯ ᠪᠠᠶᠢᠭᠤᠯᠤᠨ᠎ᠠ᠃ ᠲᠥᠷᠥᠯ ᠵᠦᠢᠯ ᠤᠨ ᠪᠠᠷᠢᠯᠭ᠎ᠠ ᠶᠢᠨ ᠲᠥᠯᠥᠪᠯᠡᠭᠡ ᠶᠢ ᠭᠤᠷᠪᠠᠨ ᠬᠤᠭᠤᠴᠠᠭ᠎ᠠ ᠬᠤᠪᠢᠶᠠᠨ ᠶᠠᠪᠤᠭᠳᠠᠭᠤᠯᠵᠤ᠂ 2017 ᠣᠨ ᠤ 7 ᠳ᠋ᠤᠭᠠᠷ ᠰᠠᠷ᠎ᠠ ᠠᠴᠠ ᠡᠬᠢᠯᠡᠨ ᠪᠥᠳᠥᠭᠡᠨ ᠪᠠᠶᠢᠭᠤᠯᠵᠤ᠂ 2020 ᠣᠨ ᠤ 7 ᠳ᠋ᠤᠭᠠᠷ ᠰᠠᠷ᠎ᠠ ᠶᠢᠨ ᠡᠴᠦᠰ ᠲᠤ ᠪᠦᠬᠦ ᠪᠦᠳᠦᠭᠡᠨ ᠪᠠᠶᠢᠭᠤᠯᠤᠯᠲᠠ ᠶᠢᠨ ᠠᠭᠤᠯᠭ᠎ᠠ ᠶᠢ ᠪᠡᠶᠡᠯᠡᠭᠦᠯᠬᠦ ᠶᠢᠨ ᠬᠠᠮᠲᠤ ᠠᠰᠢᠭᠯᠠᠯᠲᠠ ᠳᠤ ᠣᠷᠣᠭᠤᠯᠤᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号