ᠰᠢᠯᠢ ᠶᠢᠨ ᠭᠤᠤᠯ ᠤᠨ ᠲᠠᠯ᠎ᠠ ᠨᠤᠲᠤᠭ ᠤᠨ ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠳᠠᠬᠢ 67  ᠦᠢᠯᠡᠳᠪᠦᠷᠢ ᠠᠭᠤᠷᠬᠠᠶ ᠶᠢᠨ ᠠᠵᠤ ᠠᠬᠤᠶᠢᠯᠠᠯ ᠢ ᠴᠡᠭᠴᠡᠯᠡᠨ ᠦᠬᠡᠷᠡᠴᠢᠯᠡᠬᠦ ᠠᠵᠢᠯ ᠤᠨ ᠵᠠᠷᠢᠮ ᠢ ᠨᠢ ᠪᠡᠶᠡᠯᠡᠬᠦᠯᠪᠡ
ᠨᠡᠶᠢᠲᠡᠯᠡᠭᠰᠡᠨ ᠴᠠᠭ᠄
2017/6/9
      ᠤᠳᠤᠬᠠᠨ ᠳᠤ᠂ ᠰᠢᠯᠢ ᠶᠢᠨ ᠭᠤᠤᠯ ᠤᠨ ᠲᠠᠯ᠎ᠠ ᠨᠤᠲᠤᠭ ᠤᠨ ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠳᠠᠬᠢ 67 ᠦᠢᠯᠡᠳᠪᠦᠷᠢ ᠠᠭᠤᠷᠬᠠᠶ ᠶᠢ ᠴᠡᠭᠴᠡᠯᠡᠨ ᠦᠭᠡᠷᠡᠴᠢᠯᠡᠬᠦ ᠠᠵᠢᠯ ᠤᠨ ᠵᠠᠷᠢᠮ ᠢ ᠎ ᠨᠢ ᠪᠡᠶᠡᠯᠡᠬᠦᠯᠪᠡ᠃ ᠡᠭᠦᠨ ᠳᠤ ᠠᠭᠤᠷᠬᠠᠶ ᠮᠠᠯᠲᠠᠬᠤ ᠦᠨᠡᠮᠯᠡᠯ ᠨᠢ ᠨᠢᠭᠡᠨᠲᠡ ᠬᠤᠭᠤᠴᠠᠭ᠎ᠠ ᠠᠴᠠ ᠬᠡᠲᠦᠷᠡᠭᠰᠡᠨ 55 ᠦᠢᠯᠡᠳᠪᠦᠷᠢ ᠠᠭᠤᠷᠬᠠᠶ ᠶᠢᠨ ᠠᠵᠤ ᠠᠬᠤᠶᠢᠯᠠᠯ ᠢ ᠤᠳᠤᠬᠠᠨ ᠳᠤ ᠪᠦᠬᠦᠨ ᠢ ᠬᠠᠭᠠᠵᠤ᠂ 2017 ᠤᠨ ᠤ 12 ᠳ᠋ᠣᠭᠠᠷ ᠰᠠᠷ᠎ᠠ ᠶᠢᠨ ᠡᠴᠦᠰ ᠠᠴᠠ ᠡᠮᠦᠨ᠎ᠡ ᠦᠢᠯᠡᠳᠪᠦᠷᠢ ᠶᠢᠨ ᠲᠣᠭᠤᠷᠢᠭ ᠲᠠᠬᠢ ᠪᠤᠶ ᠪᠦᠬᠦᠢ ᠪᠡᠯᠡᠳᠬᠡᠮᠵᠢ ᠲᠥᠬᠦᠭᠡᠷᠦᠮᠵᠢ ᠶᠢ ᠨᠢ ᠨᠤᠷᠠᠭᠠᠵᠤ᠂ ᠭᠠᠵᠠᠷ ᠰᠢᠷᠤᠢ ᠶᠢ ᠲᠡᠭᠰᠢᠯᠡᠬᠦ᠂ ᠬᠦᠳᠡᠷ ᠴᠢᠯᠠᠭᠤ ᠶᠢ ᠴᠡᠪᠡᠷᠯᠡᠬᠦ ᠵᠡᠷᠭᠡ ᠠᠵᠢᠯ ᠢ ᠪᠡᠶᠡᠯᠡᠬᠦᠯᠬᠦ ᠪᠠᠷ ᠲᠦᠯᠦᠪᠯᠡᠵᠤ ᠪᠠᠶᠢᠨ᠎ᠠ᠂ ᠠᠭᠤᠷᠬᠠᠶ ᠮᠠᠯᠲᠠᠬᠤ ᠦᠨᠡᠮᠯᠡᠯ ᠨᠢ ᠬᠤᠭᠤᠴᠠᠭ᠎ᠠ ᠳᠠᠭᠠᠨ ᠪᠠᠶᠢᠭ᠎ᠠ ᠪᠤᠰᠤᠳ 9 ᠦᠢᠯᠡᠳᠪᠦᠷᠢ ᠠᠭᠤᠷᠬᠠᠶ ᠶᠢᠨ ᠠᠵᠤ ᠠᠬᠤᠶᠢᠯᠠᠯ ᠢ 2018 ᠣᠨ ᠤ ᠵᠢᠯ ᠤᠨ ᠡᠴᠦᠰ ᠠᠴᠠ ᠡᠮᠦᠨ᠎ᠡ ᠲᠤᠤᠱᠲᠠᠢ ᠴᠡᠭᠴᠡᠯᠡᠨ ᠦᠬᠡᠷᠡᠴᠢᠯᠡᠬᠦ ᠪᠠᠷ ᠲᠦᠯᠦᠪᠯᠡᠵᠤ ᠪᠤᠢ᠃ ᠰᠢᠯᠢ ᠶᠢᠨ ᠬᠤᠲᠠ ᠶᠢᠨ ᠵᠠᠰᠠᠭ ᠤᠨ ᠣᠷᠳᠣᠨ ᠵᠦᠡᠭ ᠭᠠᠨᠭ᠌ ᠬᠠᠶᠢᠯᠤᠭᠤᠷ ᠵᠣᠩᠰᠢ ᠶᠢᠨ ᠠᠭᠤᠷᠬᠠᠶ᠂ ᠵᠦᠩ ᠯᠢᠶᠠᠨ ᠶᠢᠨ ᠾᠧ ᠱᠦᠢᠨᠢ᠂ ᠰᠢᠩ ᠶᠤᠸᠠᠨ ᠥᠩᠭᠡᠲᠦ ᠲᠡᠮᠦᠷᠯᠢᠭ ᠵᠡᠷᠭᠡ 3 ᠠᠵᠤ ᠠᠬᠤᠶᠢᠯᠠᠯ ᠢ ᠤᠬᠤᠷᠢᠨ ᠭᠠᠷᠭᠠᠬᠤ ᠠᠵᠢᠯ ᠤᠨ ᠲᠥᠰᠦᠯ ᠢ ᠲᠤᠭᠲᠠᠭᠠᠭᠰᠠᠨ ᠤ ᠬᠠᠮᠲᠤ ᠬᠠᠮᠢᠶ᠎ᠠ ᠪᠦᠬᠦᠢ ᠠᠵᠤ ᠠᠬᠤᠶᠢᠯᠠᠯ ᠢ ᠵᠣᠬᠢᠶᠠᠨ ᠪᠠᠶᠢᠭᠤᠯᠤᠨ ᠡᠮᠬᠢ ᠵᠢᠷᠤᠮ ᠲᠠᠢ ᠤᠬᠤᠷᠢᠨ ᠭᠠᠷᠭᠠᠪᠠ᠃ ᠨᠤᠲᠤᠭ ᠪᠡᠯᠴᠢᠭᠡᠷ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ 2016 ᠣᠨ ᠤ 5 ᠳ᠋ᠣᠭᠠᠷ ᠰᠠᠷ᠎ᠠ ᠳᠤ ᠵᠦᠡᠭ ᠭᠠᠩ ᠪᠦᠯᠦᠭᠯᠡᠯ ᠤᠨ ᠰᠢᠯᠢ ᠶᠢᠨ ᠬᠤᠲᠠ ᠶᠢᠨ ᠬᠠᠶᠢᠯᠤᠭᠤᠷ ᠵᠣᠩᠰᠢ ᠶᠢᠨ ᠬᠢᠵᠠᠭᠠᠷᠲᠤ ᠺᠣᠮᠫᠠᠨᠢ ᠳᠤ ᠲᠣᠭᠲᠠᠭᠠᠯ ᠠᠴᠠ ᠵᠦᠷᠢᠴᠡᠨ ᠨᠤᠲᠤᠭ ᠪᠡᠯᠴᠢᠭᠡᠷ ᠲᠤ ᠠᠵᠢᠯᠯᠠᠬᠤ ᠵᠥᠪᠰᠢᠶᠡᠷᠡᠯ ᠤᠨ ᠦᠨᠡᠮᠯᠡᠯ ᠤᠯᠭᠤᠭᠰᠠᠨ ᠠᠰᠠᠭᠤᠳᠠᠯ ᠳᠤ ᠰᠢᠯᠢ ᠶᠢᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢᠭᠡᠨᠲᠡ ᠲᠣᠭᠲᠠᠭᠠᠯ ᠠᠴᠠ ᠵᠥᠷᠢᠴᠡᠨ ᠤᠯᠭᠤᠭᠰᠠᠨ ᠨᠤᠲᠤᠭ ᠪᠡᠯᠴᠢᠭᠡᠷ ᠲᠤ ᠠᠵᠢᠯᠯᠠᠬᠤ ᠵᠥᠪᠰᠢᠶᠡᠷᠡᠯ ᠤᠨ ᠦᠨᠡᠮᠯᠡᠯ ᠢ ᠨᠢ ᠬᠤᠷᠢᠶᠠᠨ ᠠᠪᠴᠤ᠂ ᠠᠵᠤ ᠠᠬᠤᠶᠢᠯᠠᠯ ᠢ 2017 ᠤᠨ ᠤ 5 ᠳ᠋ᠤᠭᠠᠷ ᠰᠠᠷ᠎ᠠ ᠶᠢᠨ ᠡᠴᠦᠰ ᠠᠴᠠ ᠡᠮᠦᠨ᠎ᠡ ᠡᠳ᠋ ᠮᠠᠲ᠋ᠧᠷᠢᠶᠠᠯ ᠲᠦᠷ ᠣᠪᠣᠭᠠᠯᠠᠬᠤ ᠲᠠᠯᠠᠪᠠᠶ ᠪᠠᠨ ᠴᠡᠪᠡᠷᠯᠡᠵᠤ᠂ ᠠᠮᠢ ᠠᠬᠤᠶ ᠶᠢᠨ ᠤᠤᠯ ᠳᠦᠷᠰᠦ ᠪᠠᠶᠢᠳᠠᠯ ᠢ ᠰᠡᠷᠭᠦᠭᠡᠯᠭᠡᠬᠦ ᠪᠠᠷ ᠵᠠᠷᠯᠢᠭᠳᠠᠭᠰᠠᠨ ᠤ ᠬᠠᠮᠲᠤ ᠬᠤᠯᠪᠣᠭᠳᠠᠯ ᠪᠦᠬᠦᠢ ᠬᠠᠷᠢᠭᠤᠴᠠᠯᠭ᠎ᠠ ᠲᠠᠢ ᠬᠥᠮᠦᠨ ᠳᠤ ᠬᠠᠤᠯᠢ ᠳᠦᠷᠢᠮ ᠶᠣᠰᠣᠭᠠᠷ ᠵᠠᠰᠠᠭ ᠵᠠᠬᠢᠷᠭᠠᠨ ᠤ ᠰᠢᠳᠬᠡᠯ ᠦᠭᠪᠡ᠃ ᠡᠭᠦᠨ ᠤ ᠬᠠᠮᠲᠤ᠂  ᠠᠮᠢ ᠠᠬᠤᠶ ᠶᠢᠨ ᠡᠬᠢ ᠪᠠᠶᠠᠯᠢᠭ ᠢ ᠲᠠᠲᠠᠪᠤᠷᠢᠯᠠᠬᠤ ᠡᠵᠡᠯᠡᠬᠦ ᠬᠡᠷᠡᠭᠯᠡᠬᠦ ᠶᠢ ᠤᠷᠢᠳᠴᠢᠯᠠᠨ ᠬᠢᠨᠠᠬᠤ ᠳᠦᠷᠢᠮ ᠢ ᠬᠡᠷᠡᠭᠵᠢᠬᠦᠯᠵᠤ᠂ ᠪᠠᠶᠢᠭᠠᠯᠢ ᠶᠢᠨ ᠡᠬᠢ ᠪᠠᠶᠠᠯᠢᠭ ᠢ ᠲᠠᠲᠠᠪᠤᠷᠢᠯᠠᠬᠤ ᠡᠵᠡᠯᠡᠬᠦ ᠬᠡᠷᠡᠭᠯᠡᠬᠦ ᠲᠦᠷᠦᠯ ᠵᠦᠢᠯ ᠢ ᠠᠮᠢ ᠠᠬᠤᠶ ᠶᠢ ᠤᠷᠢᠳᠴᠢᠯᠠᠨ ᠬᠢᠨᠠᠨ ᠪᠠᠶᠢᠴᠠᠭᠠᠯᠭᠠᠭᠰᠠᠨ ᠤ ᠳᠠᠷᠠᠭ᠎ᠠ ᠰᠠᠶ᠋ᠢ ᠲᠦᠷᠦᠯ ᠵᠦᠢᠯ ᠲᠣᠭᠲᠠᠭᠠᠬᠤ᠂ ᠭᠠᠵᠠᠷ ᠰᠢᠷᠣᠶ ᠶᠢ ᠤᠷᠢᠳᠴᠢᠯᠠᠨ ᠬᠢᠨᠠᠬᠤ᠂ ᠣᠷᠴᠢᠨ ᠠᠬᠤᠶ ᠶᠢ ᠦᠨᠡᠯᠡᠬᠦ ᠵᠡᠷᠭᠡ ᠭᠠᠷᠳᠠᠮ ᠢ ᠬᠦᠢᠴᠡᠳᠭᠡᠵᠤ ᠪᠤᠯᠬᠤ ᠪᠠᠷ ᠱᠠᠭᠠᠷᠳᠠᠵᠠᠢ᠃ ᠤᠳᠤ ᠪᠤᠯᠬᠤ ᠳᠤ᠂ ᠤᠷᠢᠳᠴᠢᠯᠠᠨ ᠬᠢᠨᠠᠭᠰᠠᠨ ᠲᠦᠷᠦᠯ ᠵᠦᠢᠯ 240 ᠪᠠᠶᠢᠵᠤ᠂ 477.5 ᠲᠦᠮᠡᠨ ᠮᠥ ᠨᠤᠲᠤᠭ ᠪᠡᠯᠴᠢᠭᠡᠷ ᠤᠨ ᠲᠠᠯᠠᠪᠠᠢ ᠲᠠᠢ ᠬᠤᠯᠪᠤᠭᠳᠠᠵᠤ᠂ 215 ᠲᠦᠷᠦᠯ ᠵᠦᠢᠯ ᠢ ᠬᠢᠨᠠᠨ ᠵᠦᠪᠰᠢᠶᠡᠷᠡᠵᠤ᠂ 25 ᠲᠥᠷᠥᠯ ᠵᠦᠢᠯ ᠢ ᠦᠯᠦ ᠵᠦᠪᠰᠢᠶᠡᠷᠡᠵᠤ᠂ 54.7 ᠲᠦᠮᠡᠨ ᠮᠦ ᠨᠤᠲᠤᠭ ᠪᠡᠯᠴᠢᠭᠡᠷ ᠢ ᠠᠷᠪᠢᠯᠠᠭᠰᠠᠨ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号