ᠥᠪᠥᠷ ᠮᠣᠩᠭᠤᠯ ᠤᠨ ᠰᠦᠢᠳᠬᠡᠯ ᠬᠤᠷᠢᠶᠠᠬᠤ ᠦᠭᠡᠢ ᠲᠣᠭᠲᠠᠭᠰᠠᠨ ᠬᠠᠨᠳᠤᠯᠭᠠᠲᠤ ᠪᠠᠭᠰᠢ ᠶᠢᠨ | ᠮᠡᠷᠭᠡᠵᠢᠯ ᠳᠤ ᠨᠡᠷ᠎ᠡ ᠮᠡᠳᠡᠭᠦᠯᠬᠦ ᠰᠢᠯᠭᠠᠭᠤᠯᠤᠭᠰᠠᠳ 7 ᠳ᠋ᠤᠭᠠᠷ ᠰᠠᠷ᠎ᠠ ᠶᠢᠨ 6 ᠤ ᠡᠳᠦᠷ ᠰᠦᠯᠵᠢᠶᠡᠨ ᠳᠡᠭᠡᠷ᠎ᠡ | ᠡᠷᠡᠮᠡᠯᠵᠡᠯ ᠢᠶᠠᠨ ᠲᠠᠭᠯᠠᠵᠤ ᠳᠠᠭᠤᠰᠪᠠ᠃ ᠡᠨᠡ ᠵᠢᠯ ᠤᠨ ︽ᠰᠦᠢᠳᠬᠡᠯ ᠬᠤᠷᠢᠶᠠᠬᠤ ᠦᠭᠡᠢ ᠲᠣᠭᠲᠠᠭᠰᠠᠨ | ᠬᠠᠨᠳᠤᠯᠭᠠᠲᠤ ᠪᠠᠭᠰᠢ ᠬᠥᠮᠦᠵᠢᠭᠦᠯᠬᠦ ᠲᠥᠯᠥᠪᠯᠡᠭᠡ︾ ᠳᠤ ᠨᠡᠶᠢᠲᠡ 386 ᠬᠥᠮᠦᠨ ᠡᠯᠰᠡᠵᠦ᠂ ᠬᠢᠲᠠᠳ ᠬᠡᠯᠡ | ᠤᠳᠬ᠎ᠠ ᠵᠣᠬᠢᠶᠠᠯ᠂ ᠮᠣᠩᠭᠤᠯ ᠬᠡᠯᠡ ᠤᠳᠬ᠎ᠠ ᠵᠣᠬᠢᠶᠠᠯ᠂ ᠲᠣᠭᠠᠨ ᠤ ᠤᠬᠠᠭᠠᠨ ᠪᠠ ᠬᠡᠷᠡᠭᠯᠡᠭᠡᠨ ᠤ ᠲᠣᠭᠠᠨ ᠤ | ᠤᠬᠠᠭᠠᠨ ᠵᠡᠷᠭᠡ 18 ᠲᠤᠰᠬᠠᠶ ᠮᠡᠷᠭᠡᠵᠢᠯ ᠳᠤ ᠬᠤᠯᠪᠣᠭᠳᠠᠪᠠ᠃ | ᠥᠪᠥᠷ ᠮᠣᠩᠭᠤᠯ ᠤᠨ ᠲᠣᠭᠲᠠᠭᠰᠠᠨ ᠬᠠᠨᠳᠤᠯᠭᠠᠲᠤ ᠪᠠᠭᠰᠢ ᠶᠢᠨ ᠮᠡᠷᠭᠡᠵᠢᠯ ᠤᠨ ᠰᠣᠷᠣᠭᠴᠢ ᠶᠢ ᠬᠢᠩᠭᠠᠨ | ᠠᠶᠢᠮᠠᠭ᠂ ᠤᠯᠠᠭᠠᠨᠴᠠᠪ ᠬᠤᠳᠠ᠂ ᠤᠷᠳᠤᠰ ᠬᠤᠳᠠ᠂ ᠪᠠᠶᠠᠨᠨᠠᠭᠤᠷ ᠬᠤᠲᠠ ᠵᠡᠷᠭᠡ 5 ᠠᠶᠢᠮᠠᠭ ᠬᠤᠲᠠ ᠳᠤ ᠠᠵᠢᠯ | ᠣᠯᠭᠤᠵᠤ᠂ ᠠᠵᠢᠯ ᠤᠨ ᠪᠠᠶᠢᠷᠢ ᠳᠤ ᠬᠦᠷᠪᠡᠯ ᠰᠤᠷᠤᠯᠭ᠎ᠠ ᠶᠢᠨ ᠰᠦᠢᠳᠬᠡᠯ ᠢ ᠨᠢ ᠪᠤᠴᠠᠭᠠᠬᠤ ᠲᠦᠷᠦ ᠶᠢᠨ | ᠪᠤᠳᠤᠯᠭ᠎ᠠ ᠶᠢ ᠬᠡᠷᠡᠭᠵᠢᠭᠦᠯᠦᠨ᠎ᠡ᠃ ᠲᠣᠭᠲᠠᠭᠰᠠᠨ ᠬᠠᠨᠳᠤᠯᠭᠠᠲᠤ ᠪᠠᠭᠰᠢ ᠶᠢᠨ ᠮᠡᠷᠭᠡᠵᠢᠯ ᠲᠡᠭᠦᠰᠦᠭᠰᠡᠳ ᠨᠡᠷ᠎ᠡ | ᠮᠡᠳᠡᠭᠦᠯᠵᠦ ᠭᠡᠷ᠎ᠡ ᠲᠣᠭᠲᠠᠭᠰᠠᠨ ᠭᠠᠵᠠᠷ ᠲᠠᠭᠠᠨ ᠠᠵᠢᠯ ᠤᠨ ᠪᠠᠶᠢᠷᠢ ᠳᠤ ᠭᠠᠷᠤᠭᠰᠠᠨ ᠤ ᠪᠠᠨ ᠲᠠᠷᠠᠭ᠎ᠠ᠂ ᠬᠤᠰᠢᠭᠤ | ᠰᠢᠶᠠᠨ ︵ᠬᠤᠳᠠ᠂ ᠲᠣᠭᠤᠷᠢᠭ︶ ᠤ ᠰᠤᠷᠭᠠᠨ ᠬᠥᠮᠦᠵᠢᠯ ᠤᠨ ᠲᠣᠪᠴᠢᠶ᠎ᠠ ᠳᠤ ᠬᠦᠷᠴᠦ ᠰᠤᠷᠭᠠᠭᠤᠯᠢ ᠳᠤ ᠪᠠᠶᠢᠬᠤ | ᠬᠤᠭᠤᠴᠠᠭᠠᠨ ᠳᠠᠭᠠᠨ ᠲᠤᠰᠢᠶᠠᠭᠰᠠᠨ ᠪᠦᠬᠦ ᠰᠤᠷᠤᠯᠭ᠎ᠠ ᠶᠢᠨ ᠰᠦᠢᠳᠬᠡᠯ ᠪᠣᠯᠤᠨ ᠬᠤᠨᠤᠭ ᠤᠨ ᠰᠦᠢᠳᠬᠡᠯ ᠢᠶᠠᠨ | ᠪᠤᠴᠠᠭᠠᠨ ᠠᠪᠤᠨ᠎ᠠ᠃ ᠠᠶᠢᠮᠠᠭ ᠬᠤᠳᠠ᠂ ᠬᠤᠰᠢᠭᠤ ᠰᠢᠶᠠᠨ ︵ᠬᠤᠳᠠ᠂ ᠲᠣᠭᠤᠷᠢᠭ︶ ᠤ ᠣᠷᠣᠨ ᠲᠣᠭᠠᠨ ᠤ | ᠰᠠᠯᠠᠭ᠎ᠠ ᠮᠥᠴᠢᠷ ᠨᠢ ᠰᠦᠢᠳᠬᠡᠯ ᠬᠤᠷᠢᠶᠠᠬᠤ ᠦᠭᠡᠢ ᠲᠣᠭᠲᠠᠭᠰᠠᠨ ᠬᠠᠨᠳᠤᠯᠭᠠᠲᠤ ᠪᠠᠭᠰᠢ ᠶᠢᠨ ᠮᠡᠷᠭᠡᠵᠢᠯ | ᠲᠡᠭᠦᠰᠦᠭᠰᠡᠳ ᠲᠤ ᠣᠷᠣᠨ ᠲᠤᠭ᠎ᠠ ᠨᠠᠶᠢᠳᠠᠪᠤᠷᠢᠵᠢᠭᠤᠯᠵᠤ ᠥᠭᠭᠦᠨ᠎ᠡ᠃ | |