ᠳᠡᠭᠡᠷ᠎ᠡ ᠬᠠᠭᠠᠰ ᠵᠢᠯ᠂ ᠪᠦᠬᠦ ᠣᠷᠣᠨ ᠤ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ 1110. | 5 ᠳ᠋ᠦᠩᠰᠢᠭᠤᠷ ᠲᠥᠭᠦᠷᠢᠭ ᠲᠤ ᠬᠦᠷᠴᠦ᠂ ᠣᠨ ᠤ ᠲᠥᠰᠦᠪ ᠤᠨ 54.0% ᠶᠢ ᠪᠡᠶᠡᠯᠡᠭᠦᠯᠵᠦ᠂ ᠨᠢᠳᠤᠨᠤᠨ ᠤ | ᠠᠳᠠᠯᠢ ᠬᠤᠭᠤᠴᠠᠭᠠᠨ ᠤ ᠬᠢ ᠠᠴᠠ 66.2 ᠳ᠋ᠦᠩᠰᠢᠭᠤᠷ ᠲᠥᠭᠦᠷᠢᠭ ᠨᠡᠮᠡᠭᠳᠡᠵᠦ᠂ ᠠᠳᠠᠯᠢ ᠪᠠᠷᠢᠮᠵᠢᠶ᠎ᠠ ᠪᠠᠷ 6. | 3% ᠨᠡᠮᠡᠭᠳᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠣᠭᠲᠠᠭᠠᠭᠰᠠᠨ | ︽ᠴᠠᠭ ᠬᠤᠭᠤᠴᠠᠭ᠎ᠠ ᠬᠠᠭᠠᠰᠯᠠᠬᠤ ᠳᠤ ᠡᠭᠦᠷᠭᠡ ᠶᠢ ᠬᠠᠭᠠᠰᠯᠠᠬᠤ︾ ᠬᠠᠷᠠᠯᠲᠠ ᠶᠢ ᠪᠡᠶᠡᠯᠡᠭᠦᠯᠪᠡ᠃ ᠳᠡᠭᠡᠷ᠎ᠡ ᠬᠠᠭᠠᠰ | ᠵᠢᠯ ᠳᠤ᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠲᠣᠲᠣᠷ᠎ᠠ᠂ ᠭᠠᠶᠢᠯᠢ ᠲᠠᠲᠠᠪᠤᠷᠢ ᠶᠢᠨ | ᠣᠷᠣᠯᠭ᠎ᠠ ᠶᠢ 788.5 ᠳ᠋ᠦᠩᠰᠢᠭᠤᠷ ᠲᠥᠭᠦᠷᠢᠭ ᠪᠡᠶᠡᠯᠡᠭᠦᠯᠵᠦ᠂ 18.7% ᠨᠡᠮᠡᠭᠳᠡᠪᠡ︔ ᠭᠠᠶᠢᠯᠢ ᠶᠢᠨ ᠪᠤᠰᠤ | ᠣᠷᠣᠯᠭ᠎ᠠ ᠶᠢ 322.0 ᠳ᠋ᠦᠩᠰᠢᠭᠤᠷ ᠲᠥᠭᠦᠷᠢᠭ ᠪᠡᠶᠡᠯᠡᠭᠦᠯᠵᠦ᠂ 15.2% ᠪᠠᠭᠤᠷᠠᠪᠠ᠃ ᠡᠭᠦᠨ ᠠᠴᠠ ᠭᠠᠳᠠᠨ᠎ᠠ᠂ | ᠳᠡᠭᠡᠷ᠎ᠡ ᠬᠠᠭᠠᠰ ᠵᠢᠯ ᠳᠤ ᠪᠦᠬᠦ ᠣᠷᠣᠨ ᠤ ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ 2362.5 | ᠳ᠋ᠦᠩᠰᠢᠭᠤᠷ ᠲᠥᠭᠦᠷᠢᠭ ᠲᠤ ᠬᠦᠷᠴᠦ᠂ ᠲᠣᠬᠢᠷᠠᠭᠤᠯᠤᠭᠰᠠᠨ ᠲᠥᠰᠥᠪ ᠤᠨ 48.6% ᠶᠢ ᠡᠵᠡᠯᠡᠵᠦ᠂ | ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 229.0 ᠳ᠋ᠦᠩᠰᠢᠭᠤᠷ ᠲᠥᠭᠦᠷᠢᠭ ᠨᠡᠮᠡᠭᠳᠡᠵᠦ᠂ 10.7% | ᠨᠡᠮᠡᠭᠳᠡᠪᠡ᠃ |