7 ᠳ᠋ᠤᠭᠠᠷ ᠰᠠᠷ᠎ᠠ ᠶᠢᠨ 7 ᠤ ᠡᠳᠦᠷ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠸᠠᠩ ᠪᠥᠸᠧ | ᠲᠦᠩᠯᠢᠶᠣᠤ ᠬᠤᠲᠠ ᠳᠤ ᠵᠡᠭᠦᠨ ᠬᠡᠰᠡᠭ ᠤᠨ ᠠᠶᠢᠮᠠᠭ ᠬᠤᠲᠠ ᠶᠢᠨ ᠠᠵᠤ ᠦᠢᠯᠡᠳᠪᠦᠷᠢ ᠶᠢᠨ ᠠᠵᠤ ᠠᠬᠤᠶ ᠶᠢ | ᠬᠥᠭᠵᠢᠭᠦᠯᠦᠨ ᠮᠠᠨᠳᠤᠭᠤᠯᠬᠤ ᠠᠵᠢᠯ ᠤᠨ ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠵᠤ᠂ ᠵᠡᠭᠦᠨ ᠬᠡᠰᠡᠭ ᠤᠨ | ᠲᠠᠪᠤᠨ ᠠᠶᠢᠮᠠᠭ ᠬᠤᠲᠠ᠂ ᠡᠷᠢᠶᠡᠨ ᠬᠤᠳᠠ᠂ ᠮᠠᠨᠵᠤᠤᠷ ᠬᠤᠳᠠ ᠵᠢᠴᠢ ᠥᠪᠡᠷᠲᠡᠭᠡᠨ ᠵᠠᠰᠠᠬᠤ ᠣᠷᠣᠨ ᠤ | ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ ᠨᠢᠭᠡᠴᠡ ᠶᠢᠨ ᠬᠠᠷᠢᠭᠤᠴᠠᠯᠭᠠᠲᠠᠨ ᠨᠥᠬᠦᠳ ᠬᠤᠷᠠᠯ ᠳᠤ | ᠣᠷᠤᠯᠴᠠᠭᠰᠠᠨ ᠪᠦᠭᠡᠳ ︽ᠵᠡᠭᠦᠨ ᠬᠡᠰᠡᠭ ᠤᠨ ᠠᠶᠢᠮᠠᠭ ᠬᠤᠲᠠ ᠶᠢᠨ ᠠᠵᠤ ᠦᠢᠯᠡᠳᠪᠦᠷᠢ ᠶᠢᠨ ᠠᠵᠤ ᠠᠬᠤᠶ ᠶᠢ | ᠬᠥᠭᠵᠢᠭᠦᠯᠦᠨ ᠮᠠᠨᠳᠤᠭᠤᠯᠬᠤ ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ︾ ᠶᠢ ᠰᠤᠳᠤᠯᠤᠨ ᠬᠢᠨᠠᠪᠠ᠃ ᠳᠡᠳ᠋ | ᠲᠡᠷᠢᠭᠦᠯᠡᠭᠴᠢ ᠸᠠᠩ ᠪᠥᠸᠧ ᠵᠢᠭᠠᠵᠤ ᠭᠠᠷᠭᠠᠭᠰᠠᠨ ᠨᠢ᠂ ᠵᠡᠭᠦᠨ ᠬᠡᠰᠡᠭ ᠤᠨ ᠠᠶᠢᠮᠠᠭ ᠬᠤᠲᠠ ᠨᠢ ᠥᠪᠥᠷ | ᠮᠣᠩᠭᠤᠯ ᠤᠨ ᠴᠢᠬᠤᠯᠠ ᠠᠵᠤ ᠦᠢᠯᠡᠳᠪᠦᠷᠢ ᠶᠢᠨ ᠬᠠᠭᠤᠴᠢᠨ ᠰᠠᠭᠤᠷᠢᠨ ᠭᠠᠵᠠᠷ ᠪᠣᠯᠣᠭᠰᠠᠨ ᠤ ᠬᠤᠪᠢ ᠳᠤ᠂ ᠪᠥᠬᠦ | ᠣᠷᠣᠨ ᠤ ᠠᠵᠤ ᠦᠢᠯᠡᠳᠪᠦᠷᠢᠵᠢᠯᠲᠡ ᠶᠢᠨ ᠬᠥᠭᠵᠢᠯᠲᠡ ᠶᠢ ᠲᠦᠯᠬᠢᠨ ᠠᠬᠢᠭᠤᠯᠬᠤ ᠳᠤ ᠢᠳᠡᠪᠬᠢᠲᠡᠶ ᠬᠤᠪᠢ ᠨᠡᠮᠡᠷᠢ | ᠦᠵᠡᠭᠦᠯᠦᠭᠰᠡᠨ ᠪᠠᠶᠢᠨ᠎ᠠ᠃ ᠭᠡᠪᠡᠴᠦ ᠣᠶᠢᠷ᠎ᠠ ᠶᠢᠨ ᠵᠢᠯ ᠠᠴᠠ ᠨᠠᠰᠢ᠂ ᠵᠡᠭᠦᠨ ᠬᠡᠰᠡᠭ ᠤᠨ ᠠᠶᠢᠮᠠᠭ ᠬᠤᠳᠠ ᠬᠢᠭᠡᠳ | ᠪᠠᠷᠠᠭᠤᠨ ᠬᠡᠰᠡᠭ ᠤᠨ ᠠᠶᠢᠮᠠᠭ ᠬᠤᠳᠠ ᠶᠢᠨ ᠠᠵᠤ ᠦᠢᠯᠡᠳᠪᠦᠷᠢ ᠶᠢᠨ ᠬᠥᠭᠵᠢᠯᠲᠡ ᠶᠢᠨ ᠵᠥᠷᠢᠶ᠎ᠡ ᠨᠢ ᠶᠡᠬᠡᠰᠬᠦ | ᠬᠠᠨᠳᠤᠰᠢ ᠲᠠᠢ ᠪᠣᠯᠵᠤ᠂ ᠠᠭᠠᠵᠢᠮ ᠢᠶᠠᠷ ᠪᠦᠬᠦ ᠣᠷᠣᠨ ᠤ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ ᠶᠢᠨ | ᠪᠡᠶᠡᠯᠡᠭᠳᠡᠯ ᠢ ᠨᠦᠯᠦᠭᠡᠯᠡᠬᠦ ᠴᠢᠬᠤᠯᠠ ᠶᠡᠭᠡ ᠳᠤᠲᠠᠭᠤᠳᠠᠯ ᠪᠣᠯᠣᠨ ᠬᠢᠵᠠᠭᠠᠷᠯᠠᠬᠤ ᠬᠦᠴᠦᠨ ᠪᠣᠯᠵᠤ ᠪᠠᠶᠢᠨ᠎ᠠ᠃ | ᠥᠪᠡᠷᠲᠡᠭᠡᠨ ᠵᠠᠰᠠᠬᠤ ᠣᠷᠣᠨ ᠤ ᠠᠷᠪᠠᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ | ︽ᠨᠢᠭᠡ ᠲᠥᠪ ᠬᠤᠶᠠᠷ ᠵᠢᠭᠦᠷ︾ ᠤᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠣᠭᠲᠠᠭᠠᠪᠠ᠂ ᠵᠡᠭᠦᠨ | ᠬᠡᠰᠡᠭ ᠤᠨ ᠭᠠᠵᠠᠷ ᠣᠷᠣᠨ ᠤ ᠠᠵᠤ ᠦᠢᠯᠡᠳᠪᠦᠷᠢ ᠶᠢᠨ ᠠᠵᠤ ᠠᠬᠤᠶ ᠶᠢ ᠬᠥᠭᠵᠢᠭᠦᠯᠦᠨ ᠮᠠᠨᠳᠤᠭᠤᠯᠬᠤ ᠪᠣᠯ | ᠥᠪᠡᠷᠲᠡᠭᠡᠨ ᠵᠠᠰᠠᠬᠤ ᠣᠷᠣᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ | ᠲᠤᠤᠱᠯᠠᠭᠤᠯᠤᠨ ᠨᠠᠶᠢᠳᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠂ ᠪᠠᠰᠠ ᠴᠤ ᠵᠡᠭᠦᠨ ᠬᠡᠰᠡᠭ ᠤᠨ ᠠᠶᠢᠮᠠᠭ | ᠬᠤᠲᠠ ᠶᠢᠨ ᠬᠥᠭᠵᠢᠯᠲᠡ ᠶᠢᠨ ᠬᠡᠷᠡᠭᠴᠡᠭᠡ ᠪᠣᠯᠣᠨ ᠭᠠᠷᠳᠠᠴᠠ ᠪᠣᠯᠣᠨ᠎ᠠ᠃ ᠵᠡᠭᠦᠨ ᠬᠡᠰᠡᠭ ᠤᠨ ᠭᠠᠵᠠᠷ ᠣᠷᠣᠨ ᠤ | ᠠᠵᠤ ᠦᠢᠯᠡᠳᠪᠦᠷᠢ ᠶᠢᠨ ᠠᠵᠤ ᠠᠬᠤᠶ ᠶᠢ ᠬᠥᠭᠵᠢᠭᠦᠯᠦᠨ ᠮᠠᠨᠳᠤᠭᠤᠯᠬᠤ ᠳᠦᠷᠦ ᠶᠢᠨ ᠪᠤᠲᠤᠯᠭ᠎ᠠ ᠶᠢᠨ | ᠳᠡᠮᠵᠢᠯᠭᠡ ᠶᠢᠨ ᠡᠷᠴᠢᠮ ᠢ ᠴᠢᠩᠭᠠᠷᠠᠭᠤᠯᠬᠤ ᠨᠢ ᠲᠤᠯᠭᠠᠮ᠎ᠠ ᠶᠠᠪᠤᠳᠠᠯ ᠪᠣᠯᠵᠠᠢ ᠭᠡᠪᠡ᠃ ᠳᠡᠳ᠋ ᠲᠡᠷᠢᠭᠦᠯᠡᠭᠴᠢ ᠸᠠᠩ | ᠪᠥᠸᠧ ᠴᠢᠬᠤᠯᠠᠴᠢᠯᠠᠭᠰᠠᠨ ᠨᠢ᠂ ᠥᠪᠡᠷᠲᠡᠭᠡᠨ ᠵᠠᠰᠠᠬᠤ ᠣᠷᠣᠨ ᠤ ᠡᠯ᠎ᠡ ᠰᠠᠯᠠᠭ᠎ᠠ ᠮᠥᠴᠢᠷ᠂ ᠵᠡᠭᠦᠨ ᠬᠡᠰᠡᠭ ᠤᠨ | ᠠᠶᠢᠮᠠᠭ ᠬᠤᠲᠠ ᠶᠢᠨ ᠡᠯ᠎ᠡ ᠱᠠᠲᠤᠨ ᠤ ᠵᠠᠰᠠᠭ ᠤᠨ ᠣᠷᠳᠣᠨ ᠨᠤᠭᠤᠳ ᠨᠢᠭᠡ ᠳᠤ ᠪᠠᠶᠢᠳᠠᠯ ᠢ ᠲᠣᠳᠣᠷᠬᠠᠶ ᠲᠠᠨᠢᠵᠤ᠂ | ᠵᠡᠭᠦᠨ ᠬᠡᠰᠡᠭ ᠤᠨ ᠠᠶᠢᠮᠠᠭ ᠬᠤᠲᠠ ᠶᠢᠨ ᠠᠵᠤ ᠦᠢᠯᠡᠳᠪᠦᠷᠢ ᠶᠢ ᠬᠥᠭᠵᠢᠭᠦᠯᠦᠨ ᠮᠠᠨᠳᠤᠭᠤᠯᠬᠤ ᠲᠤᠯᠭᠠᠮ᠎ᠠ ᠴᠢᠨᠠᠷ | ᠪᠣᠯᠤᠨ ᠴᠢᠬᠤᠯᠠ ᠴᠢᠨᠠᠷ ᠤᠨ ᠲᠤᠬᠠᠶ ᠲᠠᠨᠢᠯᠲᠠ ᠪᠠᠨ ᠤᠯᠠᠮ ᠨᠢᠭᠡ ᠠᠯᠬᠤᠮ ᠴᠢᠩᠭᠠᠳᠬᠠᠬᠤ ᠬᠡᠷᠡᠭᠲᠡᠢ︔ | ᠬᠤᠶᠠᠷ ᠲᠤ ᠥᠪᠡᠷ ᠲᠡᠭᠡᠨ ᠳᠠᠷᠤᠯᠲᠠ ᠥᠭᠴᠦ᠂ ᠵᠡᠭᠦᠨ ᠬᠡᠰᠡᠭ ᠤᠨ ᠠᠶᠢᠮᠠᠭ ᠬᠤᠲᠠ ᠶᠢᠨ ᠠᠵᠤ | ᠦᠢᠯᠡᠳᠪᠦᠷᠢ ᠶᠢᠨ ᠠᠵᠤ ᠠᠬᠤᠶ ᠶᠢ ᠬᠦᠴᠦᠷᠬᠡᠭᠵᠢᠭᠦᠯᠦᠨ ᠪᠤᠵᠠᠭᠠᠶᠢᠷᠠᠭᠤᠯᠬᠤ ᠪᠠᠷ ᠴᠢᠷᠮᠠᠶᠢᠬᠤ ᠬᠡᠷᠡᠭᠲᠡᠢ︔ | ᠭᠤᠷᠪᠠ ᠳᠤ ᠨᠢᠭᠲᠠ ᠬᠠᠮᠵᠢᠯᠴᠠᠨ᠂ ᠵᠡᠭᠦᠨ ᠬᠡᠰᠡᠭ ᠤᠨ ᠠᠶᠢᠮᠠᠭ ᠬᠤᠲᠠ ᠶᠢᠨ ᠠᠵᠤ ᠦᠢᠯᠡᠳᠪᠦᠷᠢ ᠶᠢᠨ | ᠬᠥᠭᠵᠢᠯᠲᠡ ᠳᠤ ᠪᠦᠬᠦ ᠬᠦᠴᠦ ᠪᠠᠷ ᠢᠶᠠᠨ ᠳᠡᠮᠵᠢᠯᠭᠡ ᠦᠵᠡᠭᠦᠯᠬᠦ ᠬᠡᠷᠡᠭᠲᠡᠶ᠃ ᠡᠯ᠎ᠡ ᠬᠤᠯᠪᠣᠭᠳᠠᠯ ᠪᠥᠬᠦᠢ ᠠᠶᠢᠮᠠᠭ | ᠬᠤᠳᠠ᠂ ᠬᠤᠯᠪᠣᠭᠳᠠᠯ ᠪᠦᠬᠦᠢ ᠰᠠᠯᠠᠭ᠎ᠠ ᠮᠦᠴᠢᠷ ᠤᠳ ᠬᠠᠲᠠᠭᠤ ᠪᠡᠷᠬᠡᠰᠢᠶᠡᠯ ᠢ ᠲᠤᠭᠤᠯᠤᠨ ᠳᠠᠪᠠᠵᠤ᠂ ᠵᠡᠭᠦᠨ | ᠬᠡᠰᠡᠭ ᠤᠨ ᠠᠶᠢᠮᠠᠭ ᠬᠤᠳᠠ ᠶᠢᠨ ᠠᠵᠤ ᠦᠢᠯᠡᠳᠪᠦᠷᠢ ᠶᠢᠨ ᠠᠵᠤ ᠠᠬᠤᠶ ᠶᠢᠨ ᠬᠥᠭᠵᠢᠯᠲᠡ ᠶᠢ ᠲᠠᠬᠢᠨ ᠰᠢᠨ᠎ᠡ | ᠳᠡᠭᠲᠡᠷ ᠲᠤ ᠭᠠᠷᠭᠠᠬᠤ ᠶᠢ ᠪᠦᠬᠦ ᠬᠦᠴᠦᠨ ᠢᠶᠠᠷ ᠢᠶᠠᠨ ᠲᠦᠯᠬᠢᠨ ᠠᠬᠢᠭᠤᠯᠵᠤ᠂ ᠪᠥᠬᠦ ᠣᠷᠣᠨ ᠤ ᠠᠵᠤ ᠠᠬᠤᠶ | ᠨᠡᠶᠢᠭᠡᠮ ᠤᠨ ᠲᠠᠪᠠᠯᠳᠠᠳᠤ ᠮᠠᠶ᠋ᠢᠭ ᠤᠨ ᠬᠥᠭᠵᠢᠯᠲᠡ ᠳᠤ ᠢᠳᠡᠪᠬᠢᠲᠡᠶ ᠬᠤᠪᠢ ᠨᠡᠮᠡᠷᠢ ᠦᠵᠡᠭᠦᠯᠬᠦ ᠬᠡᠷᠡᠭᠲᠡᠶ ᠭᠡᠵᠡᠢ᠃ |