ᠥᠪᠥᠷ ᠮᠣᠩᠭᠤᠯ ᠭᠡᠨᠡᠳᠲᠡ ᠶᠢᠨ ᠭᠠᠮᠰᠢᠭ ᠤᠨ ᠴᠢᠨᠠᠷᠲᠠᠶ ᠠᠭᠤᠷ ᠠᠮᠢᠰᠬᠤᠯ ᠳᠤ ᠰᠤᠷᠭᠠᠭᠤᠯᠢ ᠬᠢᠴᠢᠶᠡᠯ ᠵᠣᠭᠰᠣᠬᠤ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠶᠢ ᠪᠠᠶᠢᠭᠤᠯᠪᠠ
ᠨᠡᠶᠢᠲᠡᠯᠡᠭᠰᠡᠨ ᠴᠠᠭ᠄
2017/7/10
     ᠥᠨᠥᠬᠡᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠴᠠᠭ ᠠᠭᠤᠷ ᠤᠨ ᠲᠣᠪᠴᠢᠶ᠎ᠠ ᠠᠴᠠ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠤᠨ ᠬᠢᠨ ᠤ ᠬᠦᠨᠳᠦ ᠬᠡᠴᠡᠭᠦᠦ ᠠᠭᠤᠷ ᠠᠮᠢᠰᠬᠤᠯ ᠳᠣᠣᠷᠠᠬᠢ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠰᠤᠷᠭᠠᠭᠤᠯᠢ ᠶᠢᠨ ᠪᠠᠭᠰᠢ ᠰᠤᠷᠤᠭᠴᠢᠳ ᠤᠨ ᠠᠮᠤᠷ ᠲᠦᠪᠰᠢᠨ ᠪᠠ ᠵᠢᠭᠠᠨ ᠰᠤᠷᠭᠠᠬᠤ ᠠᠵᠢᠯᠯᠠᠭ᠎ᠠ ᠶᠢᠨ ᠡᠮᠬᠢ ᠵᠢᠷᠤᠮ ᠲᠠᠢ ᠶᠠᠪᠤᠭᠳᠠᠬᠤ ᠶᠢ ᠦᠨᠡᠨ ᠬᠦ ᠪᠠᠲᠤᠯᠠᠬᠤ ᠶᠢᠨ ᠲᠤᠰᠠᠳᠠ ᠰᠢᠷᠦᠭᠦᠨ ᠪᠣᠷᠣᠭᠠᠨ᠂ ᠣᠨᠴᠠ ᠴᠠᠰᠤ᠂ ᠡᠯᠡᠰᠦᠨ ᠰᠢᠭᠤᠷᠭ᠎ᠠ᠂ ᠮᠠᠨᠠᠨ᠂ ᠪᠣᠬᠢᠷ ᠮᠠᠨᠠᠨ᠂ ᠶᠡᠭᠡ ᠰᠠᠯᠬᠢ ᠵᠡᠷᠭᠡ ᠲᠦᠢᠯ ᠤᠨ ᠭᠠᠮᠰᠢᠭ ᠤᠨ ᠴᠢᠨᠠᠷᠲᠠᠶ ᠠᠭᠤᠷ ᠠᠮᠢᠰᠬᠤᠯ ᠳᠤ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠬᠢᠴᠢᠶᠡᠯ ᠵᠣᠭᠰᠣᠬᠤ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠶᠢ ᠬᠤᠯᠪᠣᠭᠠᠯᠠᠨ ᠪᠠᠶᠢᠭᠤᠯᠪᠠ᠃      ᠬᠤᠶᠠᠷ ᠲᠠᠯ᠎ᠠ ᠪᠠᠷ ᠢᠶᠠᠨ ᠲᠦᠷᠪᠡᠨ ᠲᠠᠯ᠎ᠠ ᠪᠠᠷ ᠬᠠᠮᠲᠤ ᠶᠢᠨ ᠲᠠᠨᠢᠯᠲᠠ ᠲᠠᠢ ᠪᠣᠯᠪᠠ᠄ ᠨᠢᠭᠡ ᠳᠤ ᠰᠤᠷᠭᠠᠭᠤᠯᠢ ᠎ ᠶᠢᠨ ᠬᠢᠴᠢᠶᠡᠯ ᠵᠣᠭᠰᠣᠬᠤ ᠪᠠᠷᠢᠮᠵᠢᠶ᠎ᠠ ᠶᠢ ᠲᠣᠳᠣᠷᠬᠠᠶᠢᠯᠠᠪᠠ᠃ ᠴᠠᠭ ᠠᠭᠤᠷ ᠤᠨ ᠭᠠᠶ ᠭᠠᠮᠰᠢᠭ ᠢ ᠤᠷᠢᠳᠴᠢᠯᠠᠨ ᠰᠡᠷᠡᠮᠵᠢᠯᠡᠭᠦᠯᠬᠦ ᠲᠤᠬᠢᠶ᠎ᠠ ᠶᠢ ᠨᠡᠶᠢᠲᠡᠯᠡᠭᠦᠯᠦᠨ ︽ᠬᠠᠷᠢᠶ᠎ᠠ ᠣᠷᠣᠨ ᠳᠤᠨᠢ ᠬᠠᠮᠢᠶᠠᠷᠤᠭᠤᠯᠬᠤ︾ ᠵᠠᠷᠴᠢᠮ ᠢ ᠵᠢᠷᠤᠮᠯᠠᠨ᠂ ᠴᠠᠭ ᠠᠭᠤᠷ ᠤᠨ ᠰᠠᠯᠠᠭ᠎ᠠ ᠮᠥᠴᠢᠷ ᠤᠨ ᠨᠡᠶᠢᠲᠡᠯᠡᠭᠰᠡᠨ ᠰᠢᠷᠦᠭᠦᠨ ᠪᠣᠷᠣᠭᠠᠨ᠂ ᠣᠨᠴᠠ ᠴᠠᠰᠤ᠂ ᠡᠯᠡᠰᠦᠨ ᠰᠢᠭᠤᠷᠭ᠎ᠠ᠂ ᠮᠠᠨᠠᠨ᠂ ᠪᠣᠬᠢᠷ ᠮᠠᠨᠠᠨ᠂ ᠶᠡᠭᠡ ᠰᠠᠯᠬᠢ ᠵᠡᠷᠭᠡ ᠴᠠᠭ ᠠᠭᠤᠷ ᠤᠨ ᠭᠠᠶ ᠭᠠᠮᠰᠢᠭ ᠢ ᠤᠷᠢᠳᠴᠢᠯᠠᠨ ᠰᠡᠷᠡᠮᠵᠢᠯᠡᠭᠦᠯᠬᠦ ᠲᠤᠬᠢᠶ᠎ᠠ ᠪᠠᠷ ᠬᠢᠴᠢᠶᠡᠯ ᠵᠣᠭᠰᠣᠬᠤ ᠲᠤᠬᠢᠶ᠎ᠠ ᠪᠣᠯᠭᠠᠨ᠎ᠠ᠃ ᠬᠤᠶᠠᠷ ᠰᠠᠯᠠᠭ᠎ᠠ ᠮᠥᠴᠢᠷ ᠤᠷᠢᠳᠴᠢᠯᠠᠨ ᠰᠡᠷᠡᠮᠵᠢᠯᠡᠭᠦᠯᠬᠦ ᠲᠤᠬᠢᠶ᠎ᠠ ᠶᠢᠨ ᠲᠥᠷᠥᠯ ᠢᠯᠭᠠᠯ᠂ ᠰᠡᠷᠡᠮᠵᠢᠯᠡᠭᠦᠯᠬᠦ ᠳᠡᠰ ᠢᠯᠭᠠᠯ᠂ ᠲᠥᠷᠥᠯ ᠬᠤᠪᠢᠶᠠᠨ ᠠᠷᠭᠠᠴᠠᠬᠤ ᠠᠷᠭ᠎ᠠ ᠬᠡᠮᠵᠢᠶ᠎ᠡ ᠵᠡᠷᠭᠡ ᠠᠭᠤᠯᠭ᠎ᠠ ᠶᠢ ᠪᠠᠭᠲᠠᠭᠠᠭᠰᠠᠨ ᠰᠤᠷᠭᠠᠭᠤᠯᠢ ᠬᠢᠴᠢᠶᠡᠯ ᠵᠣᠭᠰᠣᠬᠤ ᠤᠷᠢᠳᠴᠢᠯᠠᠨ ᠰᠡᠷᠡᠮᠵᠢᠯᠡᠭᠦᠯᠬᠦ ᠳᠦᠷᠢᠮ ᠤᠨ ᠪᠠᠷᠢᠮᠵᠢᠶ᠎ᠠ ᠶᠢ ᠬᠠᠮᠲᠤᠷᠠᠨ ᠲᠣᠭᠲᠠᠭᠠᠵᠤ᠂ ᠵᠦᠭᠯᠡᠭᠦᠷ ᠢ ᠨᠠᠶᠢᠷᠠᠭᠤᠯᠤᠨ ᠵᠤᠬᠢᠶᠠᠵᠤ᠂ ᠪᠣᠯᠪᠠᠰᠤᠷᠠᠯ ᠰᠣᠷᠢᠯᠲᠠ ᠶᠢ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠤᠨ᠎ᠠ᠃ ᠬᠤᠶᠠᠷ ᠲᠤ ᠤᠷᠢᠳᠴᠢᠯᠠᠨ ᠮᠡᠳᠡᠭᠳᠡᠬᠦ ᠳᠦᠷᠢᠮ ᠢ ᠪᠠᠶᠢᠭᠤᠯᠤᠨ᠎ᠠ᠃ ᠰᠤᠷᠭᠠᠭᠤᠯᠢ ᠨᠤᠭᠤᠳ ᠤᠨ ᠣᠨᠴᠠᠭᠠᠶ ᠠᠭᠤᠷ ᠠᠮᠢᠰᠬᠤᠯ ᠢ ᠠᠷᠭᠠᠴᠠᠬᠤ ᠵᠢᠷᠤᠮᠵᠢᠯ ᠪᠣᠯᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠬᠤᠯᠪᠣᠭᠠᠯᠠᠨ ᠲᠣᠭᠲᠠᠭᠠᠵᠤ᠂ ᠤᠷᠢᠳᠴᠢᠯᠠᠨ ᠰᠡᠷᠡᠮᠵᠢᠯᠡᠭᠦᠯᠬᠦ ᠶᠢ ᠤᠷᠢᠳᠴᠢᠯᠠᠨ ᠮᠡᠳᠡᠭᠳᠡᠬᠦ ᠲᠦᠷᠢᠮ ᠪᠠ ᠲᠦᠢᠯ ᠤᠨ ᠬᠡᠴᠡᠭᠦᠦ ᠴᠠᠭ ᠠᠭᠤᠷ ᠤᠨ ᠪᠠᠴᠢᠮ ᠪᠠᠶᠢᠳᠠᠯ ᠢ ᠬᠠᠮᠲᠤᠷᠠᠨ ᠬᠥᠳᠡᠯᠦᠯᠴᠡᠨ ᠠᠷᠭᠠᠴᠠᠬᠤ ᠲᠣᠭᠲᠠᠴᠠ ᠶᠢ ᠪᠠᠶᠢᠭᠤᠯᠤᠨ᠎ᠠ᠃ ᠭᠤᠷᠪᠠ ᠳᠤ ᠮᠡᠳᠡᠭᠡ ᠵᠠᠩᠭᠢ ᠶᠢ ᠨᠡᠶᠢᠲᠡᠯᠡᠬᠦ ᠲᠣᠭᠲᠠᠴᠠ ᠶᠢ ᠪᠦᠷᠢᠨᠰᠢᠭᠦᠯᠦᠨ᠎ᠡ᠃ ᠰᠤᠷᠭᠠᠨ ᠬᠥᠮᠦᠵᠢᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠰᠤᠷᠭᠠᠭᠤᠯᠢ ᠶᠢᠨ ᠭᠤᠣᠯ ᠬᠠᠷᠢᠭᠤᠴᠠᠯᠭᠠᠲᠠᠨ᠂ ᠬᠤᠪᠢᠳᠠᠨ ᠬᠠᠮᠢᠶᠠᠷᠴᠤ ᠪᠦᠬᠦᠢ ᠬᠠᠷᠢᠭᠤᠴᠠᠯᠭᠠᠲᠠᠨ᠂ ᠬᠠᠮᠢᠶ᠎ᠠ ᠪᠦᠬᠦᠢ ᠪᠠᠭᠰᠢ ᠶᠢ ᠪᠠᠭᠲᠠᠭᠠᠭᠰᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠬᠦᠯᠢᠶᠡᠨ ᠠᠪᠬᠤ ᠬᠥᠮᠦᠰ ᠤᠨ ᠨᠡᠷᠡᠰ ᠪᠠ ᠭᠠᠷ ᠤᠲᠠᠰᠤ᠂ ᠸᠢᠴᠠᠲ ᠵᠡᠷᠭᠡ ᠬᠦᠯᠢᠶᠠᠨ ᠠᠪᠬᠤ ᠬᠡᠯᠪᠡᠷᠢ ᠶᠢ ᠨᠤᠲᠠᠯᠠᠨ᠎ᠡ᠃ ᠲᠦᠷᠪᠡ ᠳᠤ ᠬᠢᠴᠢᠶᠡᠯ ᠵᠣᠭᠰᠣᠬᠤ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠦᠨ᠎ᠡ᠃ ᠨᠡᠪᠲᠡᠷᠡᠯᠴᠡᠭᠡ ᠬᠠᠮᠲᠤᠷᠠᠯᠴᠠᠭ᠎ᠠ ᠪᠠᠨ ᠴᠢᠩᠭᠠᠳᠬᠠᠵᠤ᠂ ᠬᠢᠴᠢᠶᠡᠯ ᠵᠣᠭᠰᠣᠬᠤ ᠠᠵᠢᠯ ᠲᠣᠬᠢᠷᠠᠭᠤᠯᠬᠤ ᠬᠠᠮᠲᠤᠷᠠᠯᠴᠠᠭᠠᠨ ᠤ ᠲᠣᠭᠲᠠᠴᠠ ᠶᠢ ᠪᠠᠶᠢᠭᠤᠯᠵᠤ᠂ ᠴᠠᠭ ᠠᠭᠤᠷ ᠤᠨ ᠭᠠᠮᠰᠢᠭ ᠤᠨ ᠲᠤᠬᠠᠢ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠰᠤᠷᠭᠠᠨ ᠬᠥᠮᠦᠵᠢᠯ ᠤᠨ ᠰᠢᠰᠲ᠋ᠧᠮ ᠤᠨ ᠲᠦᠢᠯ ᠤᠨ ᠬᠡᠴᠡᠭᠦᠦ ᠴᠠᠭ ᠠᠭᠤᠷ ᠢ ᠠᠷᠭᠠᠴᠠᠬᠤ ᠤᠷᠢᠳᠴᠢᠯᠠᠨ ᠰᠡᠷᠡᠮᠵᠢᠯᠡᠭᠦᠯᠬᠦ ᠠᠵᠢᠯ ᠤᠨ ᠬᠠᠷᠢᠯᠴᠠᠭᠴᠢ ᠶᠢᠨ ᠲᠥᠷᠢᠮ ᠢ ᠪᠠᠶᠢᠭᠤᠯᠤᠨ ᠪᠦᠷᠢᠨᠰᠢᠭᠦᠯᠦᠨ᠎ᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号