ᠵᠠᠩ ᠵᠢᠶᠠᠨ ᠮᠢᠨ ᠪᠦᠬᠦ ᠤᠷᠤᠨ ᠤ ᠵᠠᠰᠠᠭ ᠵᠠᠬᠢᠷᠭᠠᠨ ᠤ ᠡᠬᠦᠷᠭᠡ ᠴᠢᠳᠠᠪᠬᠢ ᠶᠢ ᠡᠬᠦᠷᠬᠡᠯᠡᠵᠦ ᠪᠠᠶᠢᠭ᠎ᠠ ᠠᠵᠢᠯ ᠦᠢᠯᠡᠰ ᠤᠨ ᠨᠢᠬᠡᠴᠡ ᠶᠢᠨ ᠦᠭᠡᠷᠡᠴᠢᠯᠡᠯᠲᠡ ᠶᠢᠨ ᠲᠤᠷᠰᠢᠯᠲᠠ ᠶᠢᠨ ᠴᠢᠬ ᠪᠤᠯᠤᠨ ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠡᠷᠬᠢᠯᠡᠵᠦ ᠪᠠᠶᠢᠭ᠎ᠠ ᠠᠵᠢᠯ ᠦᠢᠯᠡᠰ ᠤᠨ ᠨᠢᠭᠡᠴᠡ ᠶᠢᠨ ᠦᠭᠡᠷᠡᠴᠢᠯᠡᠯᠲᠡ ᠶᠢ ᠳᠠᠶᠢᠴᠢᠯᠠᠨ ᠪᠠᠶᠢᠷᠢᠯᠠᠭᠤᠯᠬᠤ ᠲᠧᠯᠸᠢᠰ ᠳ᠋ᠢᠶᠠᠩᠬᠤᠸᠠ ᠬᠤᠷᠠᠯ ᠳᠤ ᠤᠷᠤᠯᠴᠠᠪᠠ
ᠨᠡᠶᠢᠲᠡᠯᠡᠭᠰᠡᠨ ᠴᠠᠭ᠄
2017/7/10
     7 ᠳ᠋ᠤᠭᠠᠷ ᠰᠠᠷ᠎ᠠ ᠶᠢᠨ 7᠎ ᠤ ᠦᠳᠡ ᠶᠢᠨ ᠬᠤᠶᠢᠨ᠎ᠠ᠂ ᠪᠦᠬᠦ ᠤᠷᠤᠨ ᠤ ᠵᠠᠰᠠᠭ ᠵᠠᠬᠢᠷᠭᠠᠨ ᠤ ᠡᠬᠦᠷᠭᠡ ᠴᠢᠳᠠᠪᠬᠢ ᠶᠢ ᠡᠬᠦᠷᠬᠡᠯᠡᠵᠦ ᠪᠠᠶᠢᠭ᠎ᠠ ᠠᠵᠢᠯ ᠦᠢᠯᠡᠰ ᠤᠨ ᠨᠢᠬᠡᠴᠡ ᠶᠢᠨ ᠦᠭᠡᠷᠡᠴᠢᠯᠡᠯᠲᠡ ᠶᠢᠨ ᠲᠤᠷᠰᠢᠯᠲᠠ ᠶᠢᠨ ᠴᠢᠬ ᠪᠤᠯᠤᠨ ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠡᠷᠬᠢᠯᠡᠵᠦ ᠪᠠᠶᠢᠭ᠎ᠠ ᠠᠵᠢᠯ ᠦᠢᠯᠡᠰ ᠤᠨ ᠨᠢᠭᠡᠴᠡ ᠶᠢᠨ ᠦᠭᠡᠷᠡᠴᠢᠯᠡᠯᠲᠡ ᠶᠢ ᠳᠠᠶᠢᠴᠢᠯᠠᠨ ᠪᠠᠶᠢᠷᠢᠯᠠᠭᠤᠯᠬᠤ ᠲᠧᠯᠸᠢᠰ ᠳ᠋ᠢᠶᠠᠩᠬᠤᠸᠠ ᠬᠤᠷᠠᠯ ᠬᠦᠬᠡᠬᠤᠲᠠ ᠳᠤ ᠬᠤᠷᠠᠯᠳᠤᠵᠦ᠂ ᠮᠠᠨ ᠤ ᠤᠷᠤᠨ ᠤ ᠵᠠᠰᠠᠭ ᠵᠠᠬᠢᠷᠭᠠᠨ ᠤ ᠲᠦᠷᠦᠯ ᠪᠤᠯᠤᠨ ᠡᠵᠡᠩᠨᠡᠯᠲᠡ ᠶᠢᠨ ᠲᠦᠷᠦᠯ ᠤᠨ ᠠᠵᠢᠯ ᠦᠢᠯᠡᠰ ᠤᠨ ᠨᠢᠭᠡᠴᠡ ᠶᠢᠨ ᠦᠭᠡᠷᠡᠴᠢᠯᠡᠯᠲᠡ ᠶᠢ ᠠᠬᠢᠭᠤᠯᠬᠤ ᠠᠵᠢᠯ ᠢ ᠳᠣᠬᠢᠷᠠᠭᠤᠯᠣᠨ ᠪᠠᠶᠢᠷᠢᠯᠠᠭᠤᠯᠵᠠᠢ᠃      ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠬᠦᠨ᠂ ᠦᠪᠡᠷᠳᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠠᠷᠢᠬᠦᠯᠡᠭᠴᠢ ᠵᠠᠩ ᠵᠢᠶᠠᠨ ᠮᠢᠨ ᠬᠤᠷᠠᠯ ᠳᠤ ᠤᠷᠤᠯᠴᠠᠬᠤ ᠶᠢᠨ ᠬᠠᠮᠳᠣ ᠶᠠᠷᠢᠶ᠎ᠠ ᠲᠠᠯᠪᠢᠵᠠᠢ᠃      ᠵᠠᠩ ᠵᠢᠶᠠᠨ ᠮᠢᠨ᠂ ᠵᠠᠰᠠᠭ ᠵᠠᠬᠢᠷᠭᠠᠨ ᠤ ᠲᠦᠷᠦᠯ ᠪᠤᠯᠤᠨ ᠡᠵᠡᠩᠨᠡᠯᠲᠡ ᠶᠢᠨ ᠲᠦᠷᠦᠯ ᠤᠨ ᠠᠵᠢᠯ ᠦᠢᠯᠡᠰ ᠤᠨ ᠨᠢᠭᠡᠴᠡ ᠶᠢᠨ ᠦᠬᠡᠷᠡᠴᠢᠯᠡᠯᠲᠡ ᠶᠢ ᠠᠬᠢᠭᠤᠯᠬᠤ ᠪᠤᠯ᠂ ᠵᠠᠰᠠᠭ ᠤᠨ ᠤᠷᠳᠦᠨ ᠤ ᠡᠬᠦᠷᠭᠡ ᠴᠢᠳᠠᠪᠬᠢ ᠶᠢ ᠬᠤᠪᠢᠷᠠᠭᠤᠯᠬᠤ ᠶᠢᠨ ᠪᠤᠰᠤᠳᠴᠢ ᠱᠠᠭᠠᠷᠳᠠᠯᠭ᠎ᠠ᠂ ᠨᠡᠶᠢᠭᠡᠮ ᠤᠨ ᠤᠯᠠᠨ ᠨᠡᠶᠢᠲᠡ ᠶᠢᠨ ᠦᠢᠯᠡᠴᠢᠯᠡᠭᠡ ᠶᠢᠨ ᠲᠦᠪᠰᠢᠨ ᠢ ᠳᠡᠭᠡᠭᠰᠢᠯᠡᠬᠦᠯᠬᠦ ᠶᠢᠨ ᠵᠠᠶᠢᠯᠠᠰᠢ ᠦᠬᠡᠢ ᠱᠠᠭᠠᠷᠳᠠᠯᠭ᠎ᠠ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠦᠭᠡᠷᠡᠴᠢᠯᠡᠯᠲᠡ ᠶᠢ ᠠᠬᠢᠭᠤᠯᠬᠤ ᠶᠢᠨ ᠴᠢᠬᠤᠯᠠ ᠠᠷᠭ᠎ᠠ ᠬᠡᠮᠵᠢᠶ᠎ᠡ ᠪᠣᠯᠣᠨ᠎ᠠ᠂ ᠡᠯ᠎ᠡ ᠭᠠᠵᠠᠷ ᠣᠷᠣᠨ ᠡᠯ᠎ᠠ ᠰᠠᠯᠠᠭ᠎ᠠ ᠮᠦᠴᠢᠷ ᠲᠦᠷᠦ ᠶᠢᠨ ᠪᠤᠳᠤᠯᠭ᠎ᠠ ᠶᠢᠨ ᠱᠠᠭᠠᠷᠳᠠᠯᠭ᠎ᠠ ᠪᠤᠯᠤᠨ ᠭᠤᠤᠯᠳᠠᠯᠭ᠎ᠠ ᠲᠠᠢ ᠭᠤᠬᠴᠤᠭ᠎ᠠ ᠶᠢ ᠤᠨᠤᠪᠴᠢᠲᠠᠢ ᠡᠵᠡᠮᠰᠢᠵᠦ᠂ ᠲᠦᠷᠦᠯ ᠠᠩᠬᠢᠯᠠᠨ ᠵᠢᠯᠤᠭᠤᠳᠬᠤ ᠶᠢ ᠪᠠᠷᠢᠮᠳᠠᠯᠠᠵᠦ᠂ ᠦᠭᠡᠷᠡᠴᠢᠯᠡᠯᠲᠡ ᠶᠢ ᠲᠤᠬᠲᠠᠭᠤᠨ ᠪᠦᠭᠡᠳ ᠡᠮᠬᠢ ᠵᠢᠷᠦᠮ ᠲᠠᠢ ᠠᠬᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ ᠭᠡᠵᠦ ᠵᠢᠭᠠᠵᠣ ᠭᠠᠷᠭᠠᠪᠠ᠃      ᠵᠠᠩ ᠵᠢᠶᠠᠨ ᠮᠢᠨ᠂ ᠵᠠᠰᠠᠭ ᠵᠠᠬᠢᠷᠭᠠᠨ ᠤ ᠲᠦᠷᠦᠯ ᠤᠨ ᠠᠵᠢᠯ ᠦᠢᠯᠡᠰ ᠤᠨ ᠨᠢᠭᠡᠴᠡ ᠶᠢᠨ ᠦᠭᠡᠷᠡᠴᠢᠯᠡᠯᠲᠡ ᠳᠤ ᠡᠨᠡ ᠵᠢᠯ ᠤᠨ 9 ᠳ᠋ᠦ᠋ᠭᠡᠷ ᠰᠠᠷ᠎ᠠ ᠶᠢᠨ ᠰᠡᠬᠦᠯᠴᠢ ᠠᠴᠠ ᠡᠮᠦᠨ᠎ᠡ ᠤᠯᠠᠭᠠᠨᠬᠠᠲᠠ ᠬᠤᠲᠠ᠂ ᠠᠯᠠᠱᠠ ᠠᠶᠢᠮᠠᠭ ᠵᠡᠷᠭᠡ 2 ᠠᠶᠢᠮᠠᠭ ᠬᠤᠲᠠ ᠵᠢᠴᠢ ᠬᠠᠷᠢᠶ᠎ᠠ 4 ᠬᠤᠰᠢᠭᠤ ᠰᠢᠶᠠᠨ ᠤ ᠲᠤᠷᠰᠢᠯᠲᠠ ᠶᠢᠨ ᠴᠢᠬ ᠤᠨ ᠠᠵᠢᠯ ᠢ ᠳᠠᠭᠤᠰᠬᠠᠵᠣ᠂ ᠠᠰᠢᠭᠯᠠᠨ ᠬᠡᠷᠡᠭᠯᠡᠵᠦ ᠪᠤᠯᠠᠬᠤᠶᠢᠴᠠ ᠳᠡᠯᠭᠡᠷᠡᠭᠦᠯᠦᠨ ᠬᠡᠷᠡᠭᠯᠡᠵᠦ ᠪᠤᠯᠠᠬᠤᠶᠢᠴᠠ ᠲᠤᠷᠰᠢᠯᠭ᠎ᠠ ᠶᠢ ᠰᠦᠪᠡᠭᠴᠢᠯᠡᠨ ᠬᠤᠷᠠᠮᠳᠤᠭᠤᠯᠬᠤ ᠬᠡᠷᠡᠭᠲᠡᠢ᠃ ᠡᠵᠡᠩᠨᠡᠯᠲᠡ ᠶᠢᠨ ᠲᠦᠷᠦᠯ ᠤᠨ ᠠᠵᠢᠯ ᠦᠢᠯᠡᠰ ᠤᠨ ᠨᠢᠭᠡᠴᠡ ᠶᠢᠨ ᠦᠭᠡᠷᠡᠴᠢᠯᠡᠯᠲᠡ ᠳᠤ ᠭᠠᠵᠠᠷ ᠣᠷᠣᠨ ᠤ ᠪᠠᠶᠢᠳᠠᠯ ᠳᠤᠨᠢ ᠲᠤᠬᠢᠷᠠᠭᠤᠯᠬᠤ᠂ ᠲᠦᠷᠦᠯ ᠬᠤᠪᠢᠶᠠᠨ ᠠᠯᠬᠤᠮ ᠬᠤᠪᠢᠶᠠᠨ ᠠᠬᠢᠭᠤᠯᠬᠤ ᠱᠠᠭᠠᠷᠳᠠᠯᠭ᠎ᠠ ᠶᠤᠰᠤᠭᠠᠷ᠂ 2017 ᠤᠨ ᠠᠴᠠ 2020 ᠪᠤᠯᠲᠠᠯ᠎ᠠ ᠳᠦᠷᠪᠡᠨ ᠱᠠᠲᠦ ᠦᠶ᠎ᠡ ᠬᠤᠪᠢᠶᠠᠨ ᠵᠤᠬᠢᠶᠠᠨ ᠪᠠᠶᠢᠭᠤᠯᠤᠨ ᠬᠡᠷᠡᠭᠵᠢᠬᠦᠯᠵᠦ᠂ ︽13·5︾᠎ ᠶᠢᠨ ᠰᠡᠭᠦᠯᠴᠢ ᠶᠢᠨ ᠬᠤᠭᠤᠴᠠᠭ᠎ᠠ ᠪᠤᠯᠲᠠᠯ᠎ᠠ ᠦᠭᠡᠷᠡᠴᠢᠯᠡᠯᠲᠡ ᠶᠢᠨ ᠡᠬᠦᠷᠭᠡ ᠶᠢ ᠪᠡᠶᠡᠯᠡᠬᠦᠯᠬᠦ ᠶᠢ ᠦᠨᠡᠨᠬᠦ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃      ᠬᠤᠷᠠᠯ ᠳᠡᠭᠡᠷ᠎ᠡ᠂ ᠦᠪᠡᠷᠲᠡᠭᠡᠨ ᠵᠠᠰᠠᠬᠤ ᠤᠷᠤᠨ ᠤ ᠠᠵᠢᠯᠳᠠᠨ ᠤ ᠤᠷᠤᠨ ᠲᠤᠭ᠎ᠠ ᠶᠢᠨ ᠠᠯᠪᠠᠨ ᠭᠡᠷ᠂ ᠬᠦᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ ᠤᠨ ᠬᠠᠷᠢᠭᠤᠴᠠᠯᠭᠠᠲᠠᠨ ᠨᠦᠬᠦᠳ ᠭᠤᠣᠯᠳᠠᠯᠭ᠎ᠠ ᠲᠠᠢ ᠦᠭᠡ ᠬᠡᠯᠡᠵᠡᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号