ᠮᠠᠨ ᠤ ᠤᠷᠤᠨ ︽ᠢᠨᠲ᠋ᠧᠷ ᠰᠦᠯᠵᠢᠶ᠎ᠠ + ᠵᠠᠰᠠᠭ ᠤᠨ ᠶᠠᠪᠤᠲᠠᠯ ᠤᠨ ᠦᠢᠯᠠᠴᠢᠯᠡᠭᠡ︾ ᠪᠠ ᠣᠯᠠᠨ ᠨᠠᠶᠢᠲᠠ ᠶᠢᠨ ᠡᠬᠢ ᠪᠠᠶᠠᠯᠢᠭ ᠤᠨ ᠰᠤᠯᠢᠯᠴᠠᠭ᠎ᠠ ᠶᠢᠨ ᠬᠠᠮᠢᠶᠠᠷᠤᠯᠲᠠ ᠶᠢᠨ ᠠᠵᠢᠯ ᠢ ᠬᠦᠴᠤᠲᠠᠢ ᠠᠬᠢᠭᠤᠯᠵᠣ ᠪᠠᠶᠢᠨ᠎ᠠ
ᠨᠡᠶᠢᠲᠡᠯᠡᠭᠰᠡᠨ ᠴᠠᠭ᠄
2017/7/10
     7 ᠳ᠋ᠤᠭᠠᠷ ᠰᠠᠷ᠎ᠠ ᠶᠢᠨ 7᠎ ᠤ ᠡᠲᠤᠷ᠂ ᠦᠪᠠᠷᠲᠠᠬᠡᠨ ᠵᠠᠰᠠᠬᠤ ᠤᠷᠤᠨ ᠤ ᠵᠠᠰᠠᠭ ᠤᠨ ᠤᠷᠲᠤᠨ ᠤ ᠰᠣᠨᠢᠨ ᠮᠡᠳᠡᠭᠡᠨ ᠤ ᠠᠯᠪᠠᠨ ᠭᠡᠷ ᠰᠤᠨᠢᠨ ᠮᠠᠲᠡᠭᠡ ᠨᠠᠶᠢᠲᠠᠯᠠᠬᠦ ᠬᠤᠷᠠᠯ ᠬᠢᠵᠤ᠂ ᠦᠪᠠᠷᠲᠠᠬᠡᠨ ᠵᠠᠰᠠᠬᠤ ᠤᠷᠤᠨ ᠤ ︽ᠢᠨᠲ᠋ᠧᠷ ᠰᠦᠯᠵᠢᠶ᠎ᠠ + ᠵᠠᠰᠠᠭ ᠤᠨ ᠶᠠᠪᠤᠲᠠᠯ ᠤᠨ ᠦᠢᠯᠠᠴᠢᠯᠡᠭᠡ︾ ᠪᠠ ᠣᠯᠠᠨ ᠨᠠᠶᠢᠲᠠ ᠶᠢᠨ ᠡᠬᠢ ᠪᠠᠶᠠᠯᠢᠭ ᠤᠨ ᠰᠤᠯᠢᠯᠴᠠᠭ᠎ᠠ ᠶᠢᠨ ᠬᠠᠮᠢᠶᠠᠷᠤᠯᠲᠠ ᠶᠢᠨ ᠠᠵᠢᠯ ᠢ ᠠᠬᠢᠭᠤᠯᠤᠭᠰᠠᠨ ᠪᠠᠶᠢᠲᠠᠯ ᠢ ᠵᠠᠷᠯᠠᠨ ᠨᠠᠶᠢᠳᠡᠯᠡᠵᠠᠢ᠃      ︽ᠢᠨᠲ᠋ᠧᠷ ᠰᠦᠯᠵᠢᠶ᠎ᠠ + ᠵᠠᠰᠠᠭ ᠤᠨ ᠶᠠᠪᠤᠲᠠᠯ ᠤᠨ ᠦᠢᠯᠠᠴᠢᠯᠡᠭᠡ︾᠎ ᠨᠢ᠂ ᠳᠠᠷᠣᠢ ᠢᠨᠲ᠋ᠧᠷ ᠰᠦᠯᠵᠢᠶ᠎ᠠ ᠎ ᠶᠢᠨ ᠰᠡᠳᠬᠢᠬᠦᠢ᠂ ᠮᠡᠷᠬᠡᠵᠢᠯ ᠪᠠ ᠡᠬᠢ ᠪᠠᠶᠠᠯᠢᠭ ᠢ ᠵᠠᠰᠠᠭ ᠤᠨ ᠶᠠᠪᠤᠲᠠᠯ ᠤᠨ ᠦᠢᠯᠠᠴᠢᠯᠡᠭᠡ ᠶᠢᠨ ᠴᠢᠲᠠᠪᠬᠢᠲᠤ ᠰᠠᠯᠠᠭ᠎ᠠ ᠮᠦᠴᠢᠷ᠂ ᠪᠠᠶᠢᠭᠤᠯᠤᠮᠵᠢ᠂ ᠲᠦᠷᠦᠯ ᠵᠤᠶᠢᠯ ᠵᠡᠷᠬᠡ ᠠᠭᠤᠯᠭ᠎ᠠ ᠲᠠᠢ ᠤᠷᠭᠠᠨᠢᠭ ᠢᠶᠠᠷ ᠤᠶᠠᠯᠲᠤᠭᠤᠯᠬᠤ ᠪᠠ ᠠᠭᠤᠰᠤᠯᠴᠠᠭᠤᠯᠤᠨ ᠰᠢᠨ᠎ᠠ ᠶᠢ ᠡᠬᠦᠳᠴᠤ᠂ ᠵᠠᠰᠠᠭ ᠤᠨ ᠶᠠᠪᠤᠲᠠᠯ ᠤᠨ ᠦᠢᠯᠠᠴᠢᠯᠡᠭᠡ ᠶᠢᠨ ᠠᠷᠭ᠎ᠠ ᠬᠡᠯᠪᠡᠷᠢ ᠶᠢᠨ ᠰᠢᠨ᠎ᠠ ᠶᠢ ᠡᠬᠦᠳᠬᠦ ᠪᠠᠷ ᠲᠠᠮᠵᠢᠭᠤᠯᠤᠨ᠂ ᠲᠦᠬᠦᠮ ᠳᠦᠳᠡ ᠪᠦᠬᠡᠳ ᠬᠤᠷᠳᠣᠨ ᠲᠦᠷᠬᠡᠨ᠂ ᠲᠦᠪ ᠭᠤᠤᠯᠴᠢ ᠪᠦᠬᠡᠳ ᠨᠡᠶᠢᠳᠡᠮ ᠠᠰᠢᠭ ᠬᠦᠷᠲᠠᠬᠡᠬᠦ᠂ ᠰᠢᠯᠢᠳᠡᠭ ᠪᠦᠬᠡᠳ ᠦᠷ᠎ᠠ ᠪᠦᠲᠦᠮᠵᠢ ᠰᠠᠶᠢᠳᠠᠢ ᠵᠠᠰᠠᠭ ᠤᠨ ᠶᠠᠪᠤᠲᠠᠯ ᠤᠨ ᠦᠢᠯᠠᠴᠢᠯᠡᠬᠡᠨ ᠤ ᠰᠢᠰᠲ᠋ᠧᠮ ᠢ ᠪᠠᠶᠢᠭᠤᠯᠬᠤ ᠶᠠᠪᠣᠳᠠᠯ ᠪᠤᠯᠤᠨ᠎ᠠ᠃ ᠬᠤᠷᠠᠯ ᠠᠴᠠ ᠳᠠᠨᠢᠯᠴᠠᠭᠤᠯᠣᠭᠰᠠᠨ ᠢᠶᠠᠷ᠂ ᠤᠲᠤᠬᠠᠨ ᠪᠤᠯᠲᠠᠯ᠎ᠠ᠂ ᠮᠠᠨ ᠤ ᠤᠷᠤᠨ ᠤ 12 ᠠᠶᠢᠮᠠᠬ ᠬᠤᠲᠠ ᠪᠦᠬᠦᠨ ᠢᠶᠠᠷ ᠢᠶᠠᠨ ᠲᠤᠰ ᠱᠠᠲᠤᠨ ᠤ ᠵᠠᠰᠠᠭ ᠤᠨ ᠶᠠᠪᠤᠲᠠᠯ ᠤᠨ ᠦᠢᠯᠠᠴᠢᠯᠡᠭᠡ ᠪᠠ ᠨᠠᠶᠢᠲᠠ ᠶᠢᠨ ᠡᠬᠢ ᠪᠠᠶᠠᠯᠢᠭ ᠤᠨ ᠰᠤᠯᠢᠯᠴᠠᠭ᠎ᠠ ᠶᠢᠨ ᠬᠠᠮᠢᠶᠠᠷᠤᠯᠲᠠ ᠪᠦᠳᠦᠭᠡᠨ ᠪᠠᠶᠢᠭᠤᠯᠤᠯᠲᠠ᠂ ᠡᠷᠭᠢᠯᠳᠡ ᠶᠢᠨ ᠪᠠᠶᠢᠭᠤᠯᠤᠮᠵᠢ ᠭᠠᠷᠭᠠᠵᠣ᠂ ᠦᠢᠯᠡᠴᠢᠯᠡᠭᠡᠨ ᠤ ᠳᠢᠩᠬᠢᠮ ᠪᠠᠶᠢᠭᠤᠯᠵᠣ᠂ ᠰᠦᠯᠵᠢᠶ᠎ᠡ ᠶᠢᠨ ᠦᠷᠳᠡᠭᠡ᠂ ᠰᠢᠯᠵᠢᠶ᠎ᠡ APP ᠪᠠ ᠵᠢᠷᠭᠢᠶ᠎ᠡ ᠶᠢᠨ ᠣᠯᠠᠨ ᠨᠡᠶᠢᠳᠡ ᠶᠢᠨ ᠳᠠᠪᠴᠠᠩ ᠨᠡᠪᠳᠡᠷᠡᠭᠦᠯᠵᠦ᠂ ᠦᠢᠯᠡᠴᠢᠯᠡᠬᠦ ᠵᠦᠢᠯᠡᠰ ᠢ ᠰᠦᠯᠵᠢᠶ᠎ᠡ ᠳᠡᠭᠡᠷ᠎ᠡ ᠠᠰᠠᠭᠤᠨ ᠯᠠᠪᠯᠠᠬᠤ ᠶᠢ ᠪᠡᠶᠡᠯᠡᠭᠦᠯᠵᠦ᠂ ᠰᠠᠯᠠᠭ᠎ᠠ ᠮᠦᠴᠢᠷ ᠤᠨ ᠬᠢᠨᠠᠨ ᠵᠦᠪᠰᠢᠶᠡᠷᠡᠬᠦ ᠡᠭᠦᠷᠭᠡ ᠴᠢᠳᠠᠪᠬᠢ ᠶᠢ ᠨᠢᠭᠡ ᠰᠠᠯᠠᠭ᠎ᠠ ᠳᠠᠰᠤᠭ ᠲᠤ ᠲᠦᠪᠯᠡᠷᠡᠭᠦᠯᠬᠦ᠂ ᠬᠢᠨᠠᠨ ᠵᠦᠪᠰᠢᠶᠡᠷᠡᠬᠦ ᠰᠠᠯᠠᠭ᠎ᠠ ᠳᠠᠰᠤᠭ ᠢ ᠵᠠᠰᠠᠭ ᠤᠨ ᠶᠠᠪᠣᠳᠠᠯ ᠤᠨ ᠦᠢᠯᠡᠴᠢᠯᠡᠭᠡᠨ ᠤ ᠲᠢᠩᠬᠢᠮ ᠳᠤ ᠲᠦᠪᠯᠡᠷᠡᠭᠦᠯᠬᠦ᠂ ᠬᠢᠨᠠᠨ ᠵᠦᠪᠰᠢᠶᠡᠷᠡᠬᠦ ᠵᠦᠢᠯᠡᠰ ᠢ ᠰᠦᠯᠵᠢᠶ᠎ᠡ ᠳᠡᠭᠡᠷ᠎ᠡ ᠲᠦᠪᠯᠡᠷᠡᠭᠦᠯᠦᠨ ᠰᠢᠢᠳᠪᠦᠷᠢᠯᠡᠬᠦ ︽ᠭᠤᠷᠪᠠ ᠶᠢ ᠲᠦᠪᠯᠡᠷᠡᠭᠦᠯᠬᠦ︾ ᠠᠵᠢᠯ ᠢ ᠳᠠᠭᠤᠰᠬᠠᠵᠣ᠂ ᠬᠢᠨᠠᠨ ᠵᠦᠪᠰᠢᠶᠡᠷᠡᠬᠦ ᠵᠦᠢᠯᠡᠰ ᠢ ᠲᠢᠩᠬᠢᠮ ᠳᠤ ᠣᠷᠣᠭᠤᠯᠬᠤ᠂ ᠬᠢᠨᠠᠨ ᠵᠦᠪᠰᠢᠶᠡᠷᠡᠬᠦ ᠡᠷᠬᠡ ᠶᠢ ᠴᠣᠩᠬᠤᠪᠴᠢ ᠳᠤ ᠣᠯᠭᠤᠬᠤ᠂ ᠡᠯᠧᠺᠲᠷᠣᠨ ᠬᠢᠨᠠᠨ ᠪᠠᠶᠢᠴᠠᠭᠠᠬᠤ ︽ᠭᠤᠷᠪᠠ ᠶᠢ ᠨᠠᠶᠢᠳᠠᠪᠣᠷᠢᠵᠢᠭᠤᠯᠬᠤ︾ ᠦᠭᠡᠷᠡᠴᠢᠯᠡᠯᠳᠡ ᠶᠢ ᠪᠡᠶᠡᠯᠡᠭᠦᠯᠪᠡ᠃ ᠦᠪᠡᠷᠳᠡᠭᠡᠨ ᠵᠠᠰᠠᠬᠤ ᠣᠷᠣᠨ ᠤ ᠳᠣᠰ ᠱᠠᠳᠣ ᠴᠦ ︽ᠢᠨᠲ᠋ᠧᠷ ᠰᠦᠯᠵᠢᠶ᠎ᠠ + ᠵᠠᠰᠠᠭ ᠤᠨ ᠶᠠᠪᠤᠲᠠᠯ ᠤᠨ ᠦᠢᠯᠠᠴᠢᠯᠡᠭᠡ︾᠎ ᠶᠢᠨ ᠠᠵᠢᠯ ᠢ ᠠᠬᠢᠭᠤᠯᠬᠤ ᠡᠷᠴᠢᠮ ᠢᠶᠠᠨ ᠴᠢᠩᠭᠠᠷᠠᠭᠤᠯᠵᠣ᠂ ᠬᠦᠴᠦ ᠣᠷᠣᠭᠤᠯᠣᠨ ᠠᠷᠭ᠎ᠠ ᠬᠡᠯᠪᠡᠷᠢ ᠠᠴᠢᠶᠠᠯᠠᠪᠣᠷᠢ ᠶᠢᠨ ᠰᠢᠨ᠎ᠡ ᠶᠢ ᠡᠭᠦᠳᠴᠦ᠂ ᠰᠦᠯᠵᠢᠶ᠎ᠡ ᠳᠡᠭᠡᠷ᠎ᠡ ᠬᠦᠯᠢᠶᠡᠨ ᠠᠪᠴᠣ ᠦᠢᠯᠡᠴᠢᠯᠡᠬᠦ ᠪᠠ ᠦᠢᠯᠡᠴᠢᠯᠡᠭᠡᠨ ᠤ ᠲᠢᠩᠬᠢᠮ ᠳᠤ ᠦᠢᠯᠡᠴᠢᠯᠡᠬᠦ ᠶᠢ ᠵᠡᠷᠭᠡᠪᠡᠷ ᠶᠠᠪᠣᠭᠳᠠᠭᠤᠯᠬᠤ ᠡᠷᠭᠢᠯᠳᠡ ᠶᠢᠨ ᠵᠠᠭᠪᠣᠷ ᠢ ᠬᠡᠷᠡᠭᠵᠢᠭᠦᠯᠵᠦ᠂ ᠵᠠᠰᠠᠭ ᠤᠨ ᠶᠠᠪᠤᠲᠠᠯ ᠤᠨ ᠦᠢᠯᠡᠴᠢᠯᠡᠭᠡ ᠶᠢᠨ ᠦᠷ᠎ᠡ ᠠᠰᠢᠭ ᠢ ᠪᠦᠬᠦ ᠲᠠᠯ᠎ᠠ ᠪᠠᠷ ᠲᠠᠬᠡᠭᠰᠢᠯᠡᠬᠦᠯᠪᠡ᠃      ᠳᠠᠨᠢᠯᠴᠠᠭᠤᠯᠣᠭᠰᠠᠨ ᠢ ᠦᠨᠳᠦᠰᠦᠯᠡᠪᠡᠯ᠂ ᠡᠨᠡ ᠵᠢᠯ ᠤᠨ ᠰᠡᠬᠦᠯᠴᠢ ᠪᠤᠯᠲᠠᠯ᠎ᠠ᠂ ᠦᠪᠠᠷᠲᠠᠬᠡᠨ ᠵᠠᠰᠠᠬᠤ ᠤᠷᠤᠨ ᠤ ᠲᠤᠰ ᠱᠠᠲᠤᠨ ᠤ ᠵᠠᠰᠠᠭ ᠤᠨ ᠶᠠᠪᠤᠲᠠᠯ ᠤᠨ ᠦᠢᠯᠡᠴᠢᠯᠡᠭᠡᠨ ᠤ ᠲᠢᠩᠬᠢᠮ ᠪᠠ ᠰᠦᠯᠵᠢᠶ᠎ᠡ ᠲᠠᠬᠡᠷ᠎ᠠ ᠦᠢᠯᠠᠴᠢᠯᠡᠬᠦ ᠲᠠᠪᠴᠠᠩ ᠢ ᠪᠠᠶᠢᠭᠤᠯᠬᠤ ᠠᠵᠢᠯ ᠢ ᠳᠠᠭᠤᠰᠬᠠᠨ᠎ᠠ︔ 2018 ᠣᠨ ᠤ ᠰᠡᠬᠦᠯᠴᠢ ᠠᠴᠠ ᠡᠮᠤᠨ᠎ᠠ᠂ ᠵᠠᠰᠠᠭ ᠤᠨ ᠶᠠᠪᠤᠲᠠᠯ ᠤᠨ ᠦᠢᠯᠠᠴᠢᠯᠡᠭᠡ ᠶᠢ ᠦᠪᠠᠷᠲᠠᠬᠡᠨ ᠵᠠᠰᠠᠬᠤ ᠤᠷᠤᠨ᠂ ᠠᠶᠢᠮᠠᠬ ᠬᠤᠲᠠ᠂ ᠬᠤᠰᠢᠭᠤ ᠰᠢᠶᠠᠨ ︵ᠬᠤᠲᠠ᠂ ᠲᠤᠭᠤᠷᠢᠭ︶ ᠭᠤᠷᠪᠠᠨ ᠱᠠᠲᠤ ᠬᠤᠯᠪᠤᠭᠠᠯᠠᠨ ᠬᠦᠲᠠᠯᠤᠯᠴᠡᠵᠦ ᠭᠦᠢᠴᠡᠳᠭᠡᠬᠦ ᠪᠣᠯᠭᠠᠨ᠎ᠠ︔ 2020 ᠣᠨ ᠤ ᠰᠡᠬᠦᠯᠴᠢ ᠪᠤᠯᠲᠠᠯ᠎ᠠ᠂ ᠵᠠᠰᠠᠭ ᠤᠨ ᠶᠠᠪᠤᠲᠠᠯ ᠤᠨ ᠦᠢᠯᠠᠴᠢᠯᠡᠭᠡ ᠶᠢ ᠢᠨᠲ᠋ᠧᠷ ᠰᠦᠯᠵᠢᠶ᠎ᠠ ᠲᠠᠢ ᠬᠦᠨᠵᠡᠭᠡᠢ ᠠᠭᠤᠰᠤᠯᠴᠠᠭᠤᠯᠵᠣ᠂ ᠪᠦᠬᠦ ᠤᠷᠤᠨ ᠢ ᠪᠦᠷᠬᠦᠭᠰᠡᠨ᠂ ᠪᠦᠬᠦᠯᠢ ᠴᠤᠭᠴᠠ ᠪᠠᠷ ᠢᠶᠠᠨ ᠬᠠᠮᠳᠣᠷᠠᠨ ᠬᠦᠲᠠᠯᠤᠯᠴᠡᠭᠰᠡᠨ᠂ ᠰᠠᠯᠠᠭ᠎ᠠ ᠮᠦᠴᠢᠷ ᠬᠠᠮᠵᠢᠯᠴᠠᠭᠰᠠᠨ᠂ ᠪᠦᠬᠦ ᠤᠷᠤᠨ ᠢᠶᠠᠷ ᠢᠶᠠᠨ ᠨᠢᠬᠡᠲᠤᠯᠲᠠᠢ ᠲᠦᠯᠦᠪᠵᠢᠬᠦᠯᠦᠭᠰᠡᠨ᠂ ᠨᠢᠬᠡ ᠯᠠ ᠰᠦᠯᠵᠢᠶ᠎ᠡ ᠠᠵᠢᠯ ᠡᠷᠬᠢᠯᠡᠬᠦ ︽ᠢᠨᠲ᠋ᠧᠷ ᠰᠦᠯᠵᠢᠶ᠎ᠠ + ᠵᠠᠰᠠᠭ ᠤᠨ ᠶᠠᠪᠤᠲᠠᠯ ᠤᠨ ᠦᠢᠯᠠᠴᠢᠯᠡᠭᠡ︾᠎ ᠶᠢᠨ ᠰᠢᠨ᠎ᠠ ᠰᠢᠰᠲ᠋ᠧᠮ ᠢ ᠪᠠᠶᠢᠭᠤᠯᠬᠤ ᠪᠣᠯᠤᠨ᠎ᠠ᠃      ᠨᠢᠬᠡᠲᠤᠯᠲᠠᠢ ᠣᠯᠠᠨ ᠨᠠᠶᠢᠲᠠ ᠶᠢᠨ ᠡᠬᠢ ᠪᠠᠶᠠᠯᠢᠭ ᠤᠨ ᠰᠤᠯᠢᠯᠴᠠᠭ᠎ᠠ ᠶᠢᠨ ᠲᠠᠪᠴᠠᠩ ᠢ ᠨᠡᠶᠢᠳᠭᠡᠬᠦ ᠪᠤᠯ᠂ ᠤᠲᠤᠬᠠᠨ ᠤ ᠲᠦᠷᠦ ᠶᠢᠨ ᠶᠠᠪᠤᠲᠠᠯ ᠤᠨ ᠬᠤᠷᠢᠶ᠎ᠠ ᠶᠢᠨ ᠪᠠᠶᠢᠭᠤᠯᠤᠮᠵᠢ ᠶᠢᠨ ᠦᠬᠡᠷᠠᠴᠢᠯᠠᠯᠲᠠ ᠪᠠ ᠡᠬᠦᠷᠬᠡ ᠴᠢᠲᠠᠪᠬᠢ ᠶᠢ ᠬᠤᠪᠢᠷᠠᠭᠤᠯᠬᠤ ᠨᠢᠬᠡ ᠴᠢᠬᠤᠯᠠ ᠦᠬᠡᠷᠠᠴᠢᠯᠠᠯᠲᠠ ᠶᠢᠨ ᠡᠬᠦᠷᠬᠡ ᠪᠤᠯᠤᠨ᠎ᠠ᠃ ᠳᠠᠨᠢᠯᠴᠠᠭᠤᠯᠣᠭᠰᠠᠨ ᠢ ᠦᠨᠳᠦᠰᠦᠯᠡᠪᠡᠯ᠂ ᠤᠶᠢᠷ᠎ᠠ ᠶᠢᠨ ᠬᠤᠶᠠᠷ ᠵᠢᠯ ᠳᠤ᠂ ᠮᠠᠨ ᠤ ᠤᠷᠤᠨ ᠰᠤᠯᠢᠯᠴᠠᠭᠠᠨ ᠤ ᠲᠠᠪᠴᠠᠩ ᠢ ᠡᠮᠬᠢ ᠵᠢᠷᠤᠮ ᠲᠠᠢ ᠨᠡᠶᠢᠳᠬᠡᠵᠦ᠂ ᠪᠦᠬᠦ ᠤᠷᠤᠨ ᠢᠶᠠᠷ ᠢᠶᠠᠨ ᠨᠢᠬᠡᠲᠤᠯᠲᠠᠢ ᠬᠠᠮᠢᠶᠠᠷᠬᠤ ᠡᠷᠭᠢᠯᠳᠡ ᠶᠢᠨ ᠪᠠᠶᠢᠭᠤᠯᠣᠮᠵᠢ ᠶᠢ ᠪᠦᠷᠢᠯᠲᠤᠬᠦᠯᠪᠠ︔ ᠰᠤᠯᠢᠯᠴᠠᠭ᠎ᠠ ᠶᠢᠨ ᠮᠠᠲᠡᠭᠡ ᠵᠠᠩᠬᠢ ᠪᠠ ᠲᠤᠭ᠎ᠠ ᠪᠠᠷᠢᠮᠲᠠ ᠶᠢᠨ ᠡᠬᠢ ᠪᠠᠶᠠᠯᠢᠭ ᠢ ᠰᠢᠰᠲ᠋ᠧᠮ ᠲᠠᠢ ᠪᠠᠷ ᠨᠡᠶᠢᠳᠬᠡᠵᠤ᠂ ᠪᠦᠬᠦ ᠤᠷᠤᠨ ᠤ ᠣᠯᠠᠨ ᠨᠠᠶᠢᠲᠠ ᠶᠢᠨ ᠡᠬᠢ ᠪᠠᠶᠠᠯᠢᠭ ᠤᠨ ᠰᠤᠯᠢᠯᠴᠠᠭ᠎ᠠ ᠶᠢᠨ ᠲᠤᠭ᠎ᠠ ᠪᠠᠷᠢᠮᠲᠠ ᠶᠢᠨ ︽ᠨᠢᠬᠡ ᠰᠦᠯᠵᠢᠶ᠎ᠠ︾᠎ ᠶᠢᠨ ᠪᠦᠲᠦᠴᠠ ᠶᠢ ᠪᠦᠷᠢᠯᠲᠤᠬᠦᠯᠵᠠᠢ︔ ᠦᠵᠤ ᠲᠦᠯᠦᠪᠯᠡᠭᠡ ᠶᠢ ᠬᠦᠨᠳᠦᠳᠭᠡᠨ ᠴᠢᠩᠭᠠᠳᠬᠠᠵᠣ᠂ ᠲᠦᠷᠢᠮ ᠤᠨ ᠪᠠᠶᠢᠭᠤᠯᠤᠯᠲᠠ ᠶᠢ ᠪᠦᠬᠦ ᠬᠦᠴᠤᠨ ᠢᠶᠠᠷ ᠢᠶᠠᠨ ᠠᠬᠢᠭᠤᠯᠪᠠ︔ ᠪᠦᠬᠦ ᠶᠠᠪᠣᠴᠠ ᠶᠢ ᠡᠯᠧᠺᠲᠷᠣᠨᠴᠢᠯᠠᠬᠤ ᠶᠢᠨ ᠳᠣᠭᠤᠷᠢᠨ ᠳᠤ᠂ ᠡᠯᠧᠺᠲᠷᠣᠨ ᠲᠠᠪᠴᠠᠩ ᠤᠨ ᠦᠢᠯᠡᠴᠢᠯᠡᠭᠡᠨ ᠤ ᠴᠢᠲᠠᠪᠬᠢ ᠎ ᠶᠢ ᠲᠠᠰᠤᠷᠠᠯᠲᠠ ᠦᠭᠡᠢ ᠲᠠᠬᠦᠯᠲᠠᠷᠵᠢᠬᠦᠯᠪᠡ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号