2017 ᠣᠨ ᠤ 7 ᠳ᠋ᠤᠭᠠᠷ ᠰᠠᠷ᠎ᠠ ᠶᠢᠨ 6 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠠᠴᠠ ᠡᠷᠬᠡ ᠣᠯᠭᠤᠵᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ︽ | ᠡᠳ᠋ ᠤᠨ ᠵᠠᠰᠠᠭ ᠤᠨ ᠶᠠᠮᠤᠨ ᠤ ᠱᠠᠩᠬᠠᠶ ᠳᠠᠬᠢ ᠦᠨᠡᠲᠦ ᠲᠡᠮᠳᠡᠭᠲᠦ ᠠᠷᠠᠯᠵᠢᠶᠠᠯᠠᠬᠤ ᠭᠠᠵᠠᠷ ᠤᠨ ᠵᠠᠰᠠᠭ ᠤᠨ | ᠣᠷᠳᠣᠨ ᠤ ᠵᠢᠭᠡᠯᠡᠯᠭᠡ ᠶᠢᠨ ᠲᠡᠮᠳᠡᠭᠲᠦ ᠶᠢ ᠲᠠᠷᠬᠠᠭᠠᠬᠤ ᠰᠢᠰᠲ᠋ᠧᠮ︾ ᠢᠶᠠᠷ ᠳᠠᠮᠵᠢᠭᠤᠯᠤᠨ᠂ 2015 — 2017 | ᠣᠨ ᠤ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠶᠢ ᠳᠠᠭᠠᠭᠠᠨ | ᠪᠣᠷᠣᠯᠠᠭᠤᠯᠬᠤ ᠪᠦᠯᠬᠦᠮ ᠤᠨ ᠪᠦᠷᠢᠯᠳᠦᠬᠦᠨ ᠳᠤ ᠬᠠᠨᠳᠤᠭᠤᠯᠤᠨ᠂ ᠢᠯᠡ ᠪᠠᠷ ᠳᠠᠭᠠᠭᠠᠴᠢᠯᠠᠯᠲᠠ ᠵᠠᠷᠯᠠᠬᠤ ᠠᠷᠭ᠎ᠠ | ᠬᠡᠯᠪᠡᠷᠢ ᠪᠠᠷ 2017 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ | ᠰᠢᠨ᠎ᠡ ᠪᠠᠷ ᠨᠡᠮᠡᠭᠰᠡᠨ ᠡᠩ ᠤᠨ ᠵᠢᠭᠡᠯᠡᠯᠭᠡ ᠶᠢᠨ ᠲᠡᠮᠳᠡᠭᠲᠦ ᠶᠢ 359.4 ᠳ᠋ᠦᠩᠰᠢᠭᠤᠷ ᠲᠥᠭᠦᠷᠢᠭ ᠠᠮᠵᠢᠯᠲᠠ ᠲᠠᠢ | ᠲᠠᠷᠬᠠᠭᠠᠪᠠ᠃ ᠡᠭᠦᠨ ᠳᠤ᠄ 3 ᠵᠢᠯ ᠤᠨ ᠬᠤᠭᠤᠴᠠᠭ᠎ᠠ ᠲᠠᠢ ᠵᠢᠭᠡᠯᠡᠯᠭᠡ ᠶᠢᠨ ᠲᠡᠮᠳᠡᠭᠲᠦ 107.82 ᠳ᠋ᠦᠩᠰᠢᠭᠤᠷ | ᠲᠥᠭᠦᠷᠢᠭ᠂ 5 ᠵᠢᠯ ᠤᠨ ᠬᠤᠭᠤᠴᠠᠭ᠎ᠠ ᠲᠠᠢ ᠵᠢᠭᠡᠯᠡᠯᠭᠡ ᠶᠢᠨ ᠲᠡᠮᠳᠡᠭᠲᠦ 107.82 ᠳ᠋ᠦᠩᠰᠢᠭᠤᠷ ᠲᠥᠭᠦᠷᠢᠭ᠂ 7 | ᠵᠢᠯ ᠤᠨ ᠬᠤᠭᠤᠴᠠᠭ᠎ᠠ ᠲᠠᠢ ᠵᠢᠭᠡᠯᠡᠯᠭᠡ ᠶᠢᠨ ᠲᠡᠮᠳᠡᠭᠲᠦ 107.82 ᠳ᠋ᠦᠩᠰᠢᠭᠤᠷ ᠲᠥᠭᠦᠷᠢᠭ᠂ 10 ᠵᠢᠯ ᠤᠨ | ᠬᠤᠭᠤᠴᠠᠭ᠎ᠠ ᠲᠠᠢ ᠵᠢᠭᠡᠯᠡᠯᠭᠡ ᠶᠢᠨ ᠲᠡᠮᠳᠡᠭᠲᠦ 35.94 ᠳ᠋ᠦᠩᠰᠢᠭᠤᠷ ᠲᠥᠭᠦᠷᠢᠭ ᠪᠠᠶᠢᠵᠤ᠂ ᠳᠠᠭᠠᠭᠠᠴᠢᠯᠠᠯᠲᠠ | ᠣᠯᠬᠤ ᠨᠣᠷᠮ᠎ᠠ ᠨᠢ ᠲᠤᠰ ᠪᠦᠷᠢ 3.93%᠂ 3.90%᠂ 4.02%᠂ 3.95%᠂ ᠳᠤᠮᠳᠠᠴᠢ | ᠳᠠᠭᠠᠭᠠᠴᠢᠯᠠᠯᠲᠠ ᠬᠦᠯᠢᠶᠡᠬᠦ ᠳᠠᠬᠢᠨ ᠲᠤᠭ᠎ᠠ ᠨᠢ 2.5 ᠪᠣᠯᠣᠨ᠎ᠠ︔ ᠪᠠᠩᠬᠢ ᠶᠢᠨ ᠲᠦᠷᠦᠯ ᠤᠨ ᠮᠥᠩᠭᠦᠨ | ᠭᠦᠢᠯᠭᠡᠭᠡᠨ ᠤ ᠪᠠᠶᠢᠭᠤᠯᠤᠮᠵᠢ 347.6 ᠳ᠋ᠦᠩᠰᠢᠭᠤᠷ ᠲᠥᠭᠦᠷᠢᠭ ᠳᠠᠭᠠᠭᠠᠨ ᠪᠣᠷᠣᠯᠠᠭᠤᠯᠵᠤ᠂ ᠲᠡᠮᠳᠡᠭᠲᠦ ᠶᠢᠨ | ᠬᠤᠳᠠᠯᠳᠤᠭᠠᠴᠢᠨ ᠲᠥᠷᠥᠯ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ 11.8 ᠳ᠋ᠦᠩᠰᠢᠭᠤᠷ ᠲᠥᠭᠦᠷᠢᠭ | ᠳᠠᠭᠠᠭᠠᠨ ᠪᠣᠷᠤᠯᠠᠭᠤᠯᠪᠠ᠃ | ᠲᠤᠰ ᠤᠳᠠᠭᠠᠨ ᠤ ᠲᠠᠷᠬᠠᠭᠠᠭᠰᠠᠨ ᠵᠢᠭᠡᠯᠡᠯᠭᠡ ᠶᠢᠨ ᠲᠡᠮᠳᠡᠭᠲᠦ ᠶᠢ ᠭᠤᠣᠯᠳᠠᠭᠤ ︽ᠳᠣᠯᠣᠭᠠᠨ ᠲᠣᠣᠷ | ᠰᠦᠯᠵᠢᠶ᠎ᠡ ᠳᠣᠯᠣᠭᠠᠨ ᠦᠢᠯᠡᠰ︾ ᠤᠨ ᠪᠦᠲᠦᠭᠡᠨ ᠪᠠᠶᠢᠭᠤᠯᠤᠯᠲᠠ᠂ ᠲᠠᠷᠢᠶᠠᠯᠠᠩ ᠤᠨ ᠬᠠᠩᠭᠠᠯᠭ᠎ᠠ ᠶᠢᠨ ᠲᠠᠯ᠎ᠠ ᠶᠢᠨ | ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠵᠡᠷᠭᠡ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠬᠦᠷᠦᠩᠭᠡ ᠶᠢᠨ ᠲᠥᠷᠥᠯ | ᠵᠦᠢᠯ ᠤᠨ ᠵᠠᠷᠤᠯᠭ᠎ᠠ ᠳᠤ ᠬᠡᠷᠡᠭᠯᠡᠨ᠎ᠡ᠃ ᠲᠣᠰ ᠤᠳᠠᠭᠠᠨ ᠤ ᠲᠠᠷᠬᠠᠭᠠᠯᠲᠠ ᠳᠠᠭᠤᠰᠲᠠᠯ᠎ᠠ᠂ ᠮᠠᠨ ᠤ ᠣᠷᠣᠨ | ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠶᠢ ᠨᠢᠭᠡᠨᠲᠡ 693.3 ᠳ᠋ᠦᠩᠰᠢᠭᠤᠷ ᠲᠥᠭᠦᠷᠢᠭ ᠲᠠᠷᠬᠠᠭᠠᠵᠤ᠂ | ᠪᠦᠬᠦ ᠵᠢᠯ ᠤᠨ ᠲᠠᠷᠬᠠᠭᠠᠯᠲᠠ ᠶᠢᠨ 41.3% ᠶᠢ ᠪᠡᠶᠡᠯᠡᠭᠦᠯᠪᠡ᠃ |