ᠥᠪᠥᠷ ᠮᠣᠩᠭᠤᠯ ᠤᠨ ᠡᠮ ᠡᠮᠨᠡᠯᠭᠡ ᠶᠢᠨ 65 ᠪᠠᠶᠢᠭᠤᠯᠤᠮᠵᠢ ᠡᠮᠨᠡᠯᠭᠡ ᠶᠢᠨ ᠬᠤᠯᠪᠣᠭᠠᠲᠤ ᠴᠣᠭᠴᠠ ᠶᠢᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ ᠪᠣᠢ
ᠨᠡᠶᠢᠲᠡᠯᠡᠭᠰᠡᠨ ᠴᠠᠭ᠄
2017/7/11
      ᠥᠨᠥᠬᠡᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ︽ᠡᠮ ᠡᠮᠨᠡᠯᠭᠡ ᠶᠢᠨ ᠬᠤᠯᠪᠣᠭᠠᠲᠤ ᠴᠣᠭᠴᠠ ᠶᠢ ᠪᠠᠶᠢᠭᠤᠯᠤᠨ ᠬᠥᠭᠵᠢᠭᠦᠯᠬᠦ ᠶᠢ ᠠᠬᠢᠭᠤᠯᠬᠤ ᠬᠡᠷᠡᠭᠵᠢᠭᠦᠯᠬᠦ ᠲᠥᠰᠦᠯ︾ ︵ᠳᠣᠷᠣᠭᠰᠢ ︽ᠲᠥᠰᠦᠯ︾ ᠭᠡᠵᠦ ᠳᠥᠭᠦᠮᠴᠢᠯᠡᠨ᠎ᠡ︶᠎ ᠢ ᠳᠠᠷᠤᠮᠠᠯᠯᠠᠨ ᠲᠠᠷᠬᠠᠭᠠᠪᠠ᠃ ᠲᠤᠰ ᠲᠥᠰᠦᠯ ᠠᠴᠠ ᠤᠯᠤᠰ ᠤᠨ ᠱᠠᠭᠠᠷᠳᠠᠭᠰᠠᠨ ᠡᠮᠨᠡᠯᠭᠡ ᠶᠢᠨ ᠬᠤᠯᠪᠣᠭᠠᠲᠤ ᠴᠣᠭᠴᠠ ᠶᠢᠨ ᠪᠦᠳᠦᠭᠡᠨ ᠪᠠᠶᠢᠭᠤᠯᠤᠯᠲᠠ ᠶᠢᠨ ᠡᠮᠴᠢᠯᠡᠭᠡᠨ ᠎ ᠤ ᠪᠦᠯᠦᠭᠯᠡᠯ᠂ ᠡᠮᠨᠡᠯᠭᠡ ᠬᠠᠩᠭᠠᠭᠴᠢ ᠴᠣᠭᠴᠠ᠂ ᠲᠤᠰᠬᠠᠶ ᠮᠡᠷᠭᠡᠵᠢᠯ ᠤᠨ ᠬᠤᠯᠪᠣᠭ᠎ᠠ᠂ ᠠᠯᠤᠰ ᠤᠨ ᠡᠮᠴᠢᠯᠡᠭᠡᠨ ᠤ ᠬᠠᠮᠵᠢᠯᠴᠠᠭᠠᠨ ᠤ ᠲᠣᠤᠷ ᠤᠨ 4 ᠵᠦᠢᠯ ᠤᠨ ᠬᠡᠪ ᠵᠠᠭᠪᠤᠷ ᠤᠨ ᠰᠠᠭᠤᠷᠢᠨ ᠳᠡᠭᠡᠷ᠎ᠡ᠂ ᠥᠪᠥᠷ ᠮᠣᠩᠭᠤᠯ ᠤᠨ ᠣᠨᠴᠠᠯᠢᠭ ᠪᠥᠬᠦᠢ ᠨᠠᠶᠢᠳᠠᠨ ᠬᠠᠮᠢᠶᠠᠷᠤᠭᠤᠯᠬᠤ ᠡᠮᠨᠡᠯᠭᠡ ᠶᠢᠨ ᠬᠤᠯᠪᠣᠭᠠᠲᠤ ᠴᠣᠭᠴᠠ ᠪᠣᠯᠤᠨ ᠳᠡᠭᠡᠳᠦ ᠳᠠᠪᠬᠤᠷᠭ᠎ᠠ ᠶᠢᠨ ᠡᠮ ᠡᠮᠨᠡᠯᠭᠡ ᠶᠢᠨ ᠬᠠᠮᠵᠢᠯᠴᠠᠭᠴᠢ ᠴᠣᠭᠴᠠ ᠶᠢ ᠨᠡᠮᠡᠵᠦ᠂ ᠪᠠᠶᠢᠭᠤᠯᠤᠯ ᠪᠠ ᠲᠣᠭᠲᠠᠴᠠ ᠶᠢᠨ ᠲᠠᠯ᠎ᠠ ᠪᠠᠷ ᠪᠣᠳᠠᠲᠠᠶ ᠠᠰᠠᠭᠤᠳᠠᠯ ᠢ ᠪᠣᠳᠠᠲᠠᠶ ᠪᠠᠷ ᠵᠠᠳᠠᠯᠵᠤ᠂ ᠡᠮᠨᠡᠯᠭᠡ ᠶᠢᠨ ᠬᠤᠯᠪᠣᠭᠠᠲᠤ ᠴᠣᠭᠴᠠ ᠶᠢᠨ ᠪᠦᠳᠦᠭᠡᠨ ᠪᠠᠶᠢᠭᠤᠯᠤᠯᠲᠠ ᠪᠠ ᠬᠥᠭᠵᠢᠯᠲᠡ ᠳᠤ ᠨᠢᠭᠡᠨ ᠰᠢᠨ᠎ᠡ ᠰᠡᠳᠬᠢᠴᠡ ᠣᠯᠭᠤᠪᠠ᠃      ᠨᠠᠶᠢᠳᠠᠨ ᠬᠠᠮᠢᠶᠠᠷᠤᠭᠤᠯᠬᠤ ᠬᠤᠯᠪᠣᠭᠠᠲᠤ ᠴᠣᠭᠴᠠ ᠶᠢ ᠪᠦᠷᠢᠯᠳᠦᠭᠦᠯᠦᠨ᠎ᠡ      ᠥᠪᠥᠷ ᠮᠣᠩᠭᠤᠯ ᠤᠨ ᠡᠮ ᠡᠮᠨᠡᠯᠭᠡ ᠶᠢᠨ ᠰᠢᠯᠢᠳᠡᠭ ᠡᠬᠢ ᠪᠠᠶᠠᠯᠢᠭ ᠤᠨ ᠶᠡᠷᠦᠩᠬᠡᠶ ᠬᠡᠮᠵᠢᠶ᠎ᠡ ᠬᠦᠷᠦᠯᠴᠡᠬᠦ ᠦᠭᠡᠢ᠂ ᠪᠦᠲᠦᠴᠡ ᠵᠦᠢ ᠵᠤᠬᠢᠰ ᠦᠭᠡᠢ᠂ ᠲᠠᠷᠬᠠᠴᠠ ᠲᠡᠩᠴᠡᠭᠦᠨ ᠪᠤᠰᠤ᠂ ᠲᠣᠮᠣ ᠬᠡᠯᠪᠡᠷᠢ ᠶᠢᠨ ᠡᠮᠨᠡᠯᠭᠡ ᠶᠢᠨ ᠬᠤᠷᠢᠶ᠎ᠠ ᠶᠡᠭᠡ ᠪᠠᠭ᠎ᠠ ᠡᠪᠡᠳᠴᠢᠨ ᠢ ᠪᠦᠷ ᠦᠵᠡᠬᠦ᠂ ᠡᠩ ᠤᠨ ᠪᠠ ᠲᠦᠪᠡᠭ ᠲᠠᠢ ᠡᠪᠡᠳᠴᠢᠨ ᠢ ᠪᠦᠷ ᠵᠠᠰᠠᠬᠤ᠂ ᠠᠵᠢᠯ ᠨᠢ ᠮᠠᠰᠢ ᠶᠠᠭᠠᠷᠠᠤ ᠡᠭᠦᠷᠭᠡ ᠨᠢ ᠨᠦᠰᠡᠷ ᠬᠦᠨᠳᠦ ᠪᠠᠶᠢᠳᠠᠭ᠂ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ ᠴᠢᠳᠠᠪᠤᠷᠢ ᠬᠦᠷᠦᠯᠴᠡᠬᠦ ᠦᠭᠡᠢ᠂ ᠴᠢᠳᠠᠪᠤᠷᠢᠲᠠᠨ ᠳᠤᠲᠠᠮᠠᠭ᠂ ᠡᠪᠡᠳᠴᠢᠨ ᠤ ᠡᠭᠦᠰᠪᠦᠷᠢ ᠨᠢ ᠠᠷᠪᠢᠨ ᠪᠢᠰᠢ᠂ ᠡᠮᠴᠢᠯᠡᠭᠡᠨ ᠤ ᠪᠠᠶᠢᠭᠤᠯᠤᠮᠵᠢ ᠶᠢᠨ ᠱᠠᠳᠤ ᠬᠤᠪᠢᠶᠠᠨ ᠣᠨᠣᠰᠢᠯᠠᠨ ᠡᠮᠨᠡᠬᠦ ᠡᠮᠬᠢ ᠵᠢᠷᠤᠮ ᠵᠢᠷᠤᠮᠵᠢᠭᠠᠳᠤᠶ ᠪᠠᠶᠢᠵᠤ᠂ ᠦᠨᠳᠦᠰᠦᠨ ᠡᠮ ᠡᠮᠨᠡᠯᠭᠡ ᠶᠢᠨ ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠵᠤ ᠪᠦᠷᠢᠨᠰᠢᠭᠦᠯᠬᠦ ᠳᠤ ᠬᠠᠲᠠᠭᠤ ᠴᠢᠩᠭ᠎ᠠ ᠥᠷᠢᠰᠥᠯᠳᠦᠭᠡᠨ ᠲᠤᠯᠭᠠᠷᠠᠵᠤ ᠪᠠᠶᠢᠳᠠᠭ᠃ ᠡᠶᠢᠮᠦ ᠪᠠᠶᠢᠳᠠᠯ ᠳᠤ ᠴᠢᠭᠯᠡᠭᠦᠯᠦᠨ ︽ᠲᠥᠰᠦᠯ︾᠎ ᠳᠤ᠂ ᠥᠪᠥᠷ ᠮᠣᠩᠭᠤᠯ ᠬᠠᠪᠰᠤᠷᠤᠨ ᠲᠡᠳᠬᠦᠬᠦ ᠮᠠᠶ᠋ᠢᠭ ᠤᠨ ᠨᠠᠶᠢᠳᠠᠨ ᠬᠠᠮᠢᠶᠠᠷᠤᠭᠤᠯᠬᠤ ᠬᠤᠰᠢᠭᠤ ᠰᠢᠶᠠᠨ ᠤ ᠱᠠᠲᠤᠨ ᠤ ᠡᠮᠨᠡᠯᠭᠡ ᠶᠢᠨ ᠬᠤᠷᠢᠶ᠎ᠠ ᠨᠤᠭᠤᠳ ᠡᠮᠨᠡᠯᠭᠡ ᠶᠢᠨ ᠬᠤᠯᠪᠣᠭᠠᠲᠤ ᠴᠣᠭᠴᠠ ᠶᠢᠨ ᠪᠦᠳᠦᠭᠡᠠ ᠪᠠᠶᠢᠭᠤᠯᠤᠯᠲᠠ ᠶᠢ ᠥᠷᠨᠢᠭᠦᠯᠦᠭᠰᠡᠨ ᠲᠤᠷᠰᠢᠯᠭ᠎ᠠ ᠪᠠᠨ ᠳ᠋ᠦᠩᠨᠡᠨ ᠳᠡᠯᠭᠡᠷᠡᠭᠦᠯᠵᠦ᠂ ᠬᠤᠳᠠ ᠬᠢᠭᠡᠳ ᠬᠤᠰᠢᠭᠤ ᠰᠢᠶᠠᠨ ︵ᠬᠤᠳᠠ᠂ ᠲᠣᠭᠤᠷᠢᠭ︶᠎ ᠤ ᠬᠤᠭᠤᠷᠣᠨᠳᠣ᠂ ᠬᠤᠲᠠ ᠶᠢᠨ ᠭᠤᠷᠪᠠᠳᠤᠭᠠᠷ ᠳᠡᠰ ᠤᠨ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠪᠠᠷ ᠭᠤᠣᠯ ᠴᠣᠭᠴᠠᠲᠤ ᠨᠢᠭᠡᠴᠨ ᠪᠣᠯᠭᠠᠨ ᠬᠤᠰᠢᠭᠤ ᠰᠢᠶᠠᠨ ᠤ ᠱᠠᠲᠤᠨ ᠤ ᠨᠢᠭᠡ ᠪᠤᠶᠤ ᠣᠯᠠᠨ ᠡᠮᠴᠢᠯᠡᠭᠡᠨ ᠤ ᠪᠠᠶᠢᠭᠤᠯᠤᠮᠵᠢ ᠶᠢ ᠨᠠᠶᠢᠳᠠᠨ ᠬᠠᠮᠢᠶᠠᠷᠤᠭᠤᠯᠵᠤ᠂ ᠨᠠᠶᠢᠳᠠᠨ ᠬᠠᠮᠢᠶᠠᠷᠤᠭᠤᠯᠬᠤ ᠬᠤᠯᠪᠣᠭᠠᠲᠤ ᠴᠣᠭᠴᠠ ᠶᠢ ᠪᠦᠷᠢᠯᠳᠦᠭᠦᠯᠬᠦ ᠬᠡᠷᠡᠭᠲᠡᠢ ᠭᠡᠵᠦ ᠲᠣᠳᠣᠷᠬᠠᠢ ᠳᠤᠷᠠᠳᠴᠠᠢ᠃      ᠣᠶᠢᠯᠠᠭᠠᠭᠰᠠᠨ ᠢᠶᠠᠷ᠂ ᠨᠠᠶᠢᠳᠠᠨ ᠬᠠᠮᠢᠶᠠᠷᠤᠭᠤᠯᠬᠤ ᠬᠤᠯᠪᠣᠭᠠᠲᠤ ᠴᠣᠭᠴᠠ ᠶᠢᠨ ᠪᠠᠶᠢᠭᠤᠯᠤᠯᠲᠠ ᠶᠢᠨ ᠦᠨᠳᠦᠰᠦᠨ ᠪᠠᠷᠢᠮᠵᠢᠶ᠎ᠠ ᠪᠣᠯ ᠭᠤᠷᠪᠠᠳᠤᠭᠠᠷ ᠳᠡᠰ ᠤᠨ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠨᠢ ᠬᠤᠰᠢᠭᠤ ᠰᠢᠶᠠᠨ ᠤ ᠱᠠᠲᠤᠨ ᠤ ᠡᠮᠴᠢᠯᠡᠭᠡᠨ ᠤ ᠪᠠᠶᠢᠭᠤᠯᠤᠮᠵᠢ ᠳᠤ ᠬᠠᠮᠢᠶᠠᠷᠤᠯᠲᠠ ᠶᠢᠨ ᠪᠦᠯᠬᠦᠮ᠂ ᠡᠮᠴᠢᠯᠡᠭᠡᠨ ᠤ ᠲᠤᠰᠬᠠᠶ ᠮᠡᠷᠭᠡᠵᠢᠯᠲᠡᠨ ᠤ ᠪᠦᠯᠬᠦᠮ ᠪᠣᠯᠣᠨ ᠮᠡᠳᠡᠭᠡ ᠵᠠᠩᠭᠢᠵᠢᠯᠲᠠ ᠶᠢᠨ ᠬᠠᠮᠢᠶᠠᠷᠤᠯᠲᠠ ᠶᠢᠨ ᠪᠦᠯᠬᠦᠮ ᠢ ᠲᠣᠮᠢᠯᠠᠨ ᠰᠠᠭᠤᠯᠭᠠᠵᠤ᠂ ᠬᠠᠮᠲᠤ ᠶᠢᠨ ᠴᠣᠭᠴᠠ ᠶᠢᠨ ᠬᠠᠮᠢᠶᠠᠷᠤᠯᠲᠠ ᠶᠢ ᠪᠡᠶᠡᠯᠡᠭᠦᠯᠬᠦ ᠰᠠᠭᠤᠷᠢ ᠳᠡᠭᠡᠷ᠎ᠡ᠂ ᠬᠤᠰᠢᠭᠤ ᠰᠢᠶᠠᠨ ᠤ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ ᠦᠢᠯᠡᠴᠢᠯᠡᠭᠡᠨ ᠤ ᠴᠢᠳᠠᠪᠤᠷᠢ ᠪᠣᠯᠤᠨ ᠣᠳᠣᠬᠢᠴᠢᠯᠠᠭᠰᠠᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠭᠤᠣᠯᠳᠠᠯᠭ᠎ᠠ ᠲᠠᠢ ᠳᠡᠭᠡᠭᠰᠢᠯᠡᠭᠦᠯᠵᠦ᠂ ᠬᠤᠰᠢᠭᠤ ᠰᠢᠶᠠᠨ ︵ᠬᠤᠳᠠ᠂ ᠲᠣᠭᠤᠷᠢᠭ︶᠎ ᠤ ᠬᠡᠪᠴᠢᠶᠡᠨ ᠳᠣᠲᠣᠷ᠎ᠠ ᠡᠪᠡᠳᠴᠢᠨ ᠡᠮᠨᠡᠬᠦ ᠨᠤᠷᠮ᠎ᠠ ᠶᠢ 90%᠎ ᠠᠴᠠ ᠳᠡᠭᠡᠭᠰᠢ ᠳᠤ ᠬᠦᠷᠲᠡᠯ᠎ᠡ ᠳᠡᠭᠡᠭᠰᠢᠯᠡᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠱᠠᠲᠤᠨ ᠤ ᠪᠤᠶᠤ ᠶᠡᠷᠦᠩᠬᠡᠶᠢᠯᠡᠭᠰᠡᠨ ᠬᠢᠷᠢ ᠬᠡᠮᠵᠢᠶ᠎ᠡ ᠨᠢ ᠥᠨᠳᠥᠷ ᠠᠶᠢᠮᠠᠭ ᠬᠤᠳᠠ ᠶᠢᠨ ᠱᠠᠲᠤᠨ ᠤ ᠭᠤᠷᠪᠠᠳᠤᠭᠠᠷ ᠳᠡᠰ ᠤᠨ ᠠᠯᠪᠠᠨ ᠠᠴᠠ ᠪᠠᠶᠢᠭᠤᠯᠤᠭᠰᠠᠨ ᠬᠦᠭᠡ ᠲᠡᠰ ᠎ ᠤᠨ ᠡᠮᠨᠡᠯᠭᠡ ᠶᠢᠨ ᠬᠤᠷᠢᠶ᠎ᠠ ᠨᠢ᠂ ᠬᠠᠷᠢᠶ᠎ᠠ ᠭᠠᠵᠠᠷ ᠤᠨ ᠡᠮᠨᠡᠯᠭᠡ ᠶᠢᠨ ᠬᠤᠯᠪᠣᠭᠠᠲᠤ ᠴᠣᠭᠴᠠ ᠶᠢᠨ ᠪᠦᠳᠦᠭᠡᠨ ᠪᠠᠶᠢᠭᠤᠯᠤᠯᠲᠠ ᠳᠤ ᠣᠷᠣᠯᠴᠠᠬᠤ ᠠᠴᠠ ᠭᠠᠳᠠᠨ᠎ᠠ᠂ ᠳᠠᠪᠠᠭᠤᠯᠢᠭ ᠲᠠᠯ᠎ᠠ ᠪᠠᠨ ᠬᠠᠷᠢᠯᠴᠠᠨ ᠨᠥᠬᠦᠪᠥᠷᠢᠯᠡᠵᠦ᠂ ᠬᠠᠮᠵᠢᠯᠴᠠᠨ ᠬᠥᠭᠵᠢᠬᠦ ᠵᠠᠷᠴᠢᠮ ᠶᠣᠰᠣᠭᠠᠷ ᠡᠮᠨᠡᠯᠭᠡ ᠶᠢᠨ ᠬᠤᠯᠪᠣᠭᠠᠲᠤ ᠴᠣᠭᠴᠠ ᠨᠤᠭᠤᠳ ᠲᠠᠢ ᠬᠠᠮᠲᠤᠷᠠᠨ ᠠᠵᠢᠯᠯᠠᠬᠤ ᠬᠠᠷᠢᠴᠠᠭ᠎ᠠ ᠪᠠᠶᠢᠭᠤᠯᠵᠤ᠂ ᠪᠦᠳᠦᠭᠡᠨ ᠪᠠᠶᠢᠭᠤᠯᠤᠯᠲᠠ ᠶᠢᠨ ᠬᠡᠪᠴᠢᠶ᠎ᠡ ᠨᠢ ᠨᠡᠩ ᠶᠡᠭᠡ᠂ ᠬᠠᠮᠤᠷᠬᠤ ᠬᠡᠪᠴᠢᠶ᠎ᠡ ᠨᠢ ᠨᠡᠩ ᠥᠷᠭᠡᠨ᠂ ᠴᠢᠳᠠᠪᠤᠷᠢᠲᠠᠨ ᠤ ᠰᠢᠯᠵᠢᠯᠲᠡ ᠨᠡᠩ ᠰᠢᠯᠤᠭᠤᠨ᠂ ᠦᠢᠯᠡᠴᠢᠯᠡᠭᠡᠨ ᠤ ᠴᠢᠳᠠᠪᠤᠷᠢ ᠨᠢ ᠨᠡᠩ ᠴᠢᠩᠭ᠎ᠠ ᠳᠡᠭᠡᠳᠦ ᠳᠠᠪᠬᠤᠷᠭ᠎ᠠ ᠶᠢᠨ ᠡᠮᠨᠡᠯᠭᠡ ᠶᠢᠨ ᠬᠤᠯᠪᠣᠭᠠᠲᠤ ᠴᠣᠭᠴᠠ — ᠳᠡᠭᠡᠳᠦ ᠳᠠᠪᠬᠤᠷᠭ᠎ᠠ ᠶᠢᠨ ᠡᠮ ᠡᠮᠨᠡᠯᠭᠡ ᠶᠢᠨ ᠬᠠᠮᠵᠢᠯᠴᠠᠭᠠᠳᠥ ᠴᠣᠭᠴᠠ ᠶᠢ ᠪᠠᠶᠢᠭᠤᠯᠬᠤ ᠪᠣᠯᠣᠨ᠎ᠠ᠃      ᠳᠡᠭᠡᠳᠦ ᠳᠠᠪᠬᠤᠷᠭ᠎ᠠ ᠶᠢᠨ ᠡᠮ ᠡᠮᠨᠡᠯᠭᠡ ᠶᠢᠨ ᠬᠠᠮᠵᠢᠯᠴᠠᠭᠠᠳᠥ ᠴᠣᠭᠴᠠ ᠶᠢᠨ ᠪᠠᠶᠢᠭᠤᠯᠤᠯᠲᠠ ᠶᠢᠨ ᠦᠨᠳᠦᠰᠦᠨ ᠪᠠᠷᠢᠮᠵᠢᠶ᠎ᠠ ᠪᠣᠯ᠂ ᠣᠷᠣᠨ ᠪᠦᠰᠡ ᠶᠢᠨ ᠳᠤᠲᠤᠷᠠᠬᠢ ᠣᠯᠠᠨ ᠲᠦᠮᠡᠨ ᠤ ᠡᠷᠡᠭᠦᠯ ᠮᠡᠨᠳᠦ ᠶᠢ ᠨᠥᠯᠥᠭᠡᠯᠡᠬᠦ ᠵᠠᠩᠭᠢᠯᠠᠭ᠎ᠠ ᠶᠢᠨ ᠠᠰᠠᠭᠤᠳᠠᠯ ᠳᠤ ᠴᠢᠭᠯᠡᠭᠦᠯᠦᠨ ᠰᠢᠨ᠎ᠡ ᠶᠢ ᠡᠭᠦᠳᠬᠦ ᠬᠡᠯᠪᠡᠷᠢ ᠶᠢᠨ ᠬᠠᠮᠵᠢᠯᠴᠠᠭᠰᠠᠨ ᠰᠤᠳᠤᠯᠭ᠎ᠠ ᠶᠢ ᠥᠷᠨᠢᠭᠦᠯᠦᠨ᠎ᠡ︔ ᠬᠤᠰᠢᠭᠤᠷᠠᠯ ᠰᠢᠨ᠎ᠡ ᠮᠡᠷᠭᠡᠵᠢᠯ ᠤᠨ ᠮᠥᠷᠳᠡᠯᠲᠡ ᠪᠠ ᠬᠠᠮᠵᠢᠯᠴᠠᠨ ᠳᠡᠯᠭᠡᠷᠡᠭᠦᠯᠦᠯᠲᠡ ᠶᠢ ᠥᠷᠨᠢᠭᠦᠯᠦᠨ᠎ᠡ︔ ᠡᠮᠴᠢᠯᠡᠭᠡᠨ ᠤ ᠵᠠᠩᠭᠢᠯᠠᠭ᠎ᠠ ᠶᠢᠨ ᠮᠡᠷᠭᠡᠵᠢᠯ ᠤᠨ ᠶᠠᠰᠤ ᠴᠢᠨᠠᠷ ᠤᠨ ᠬᠠᠮᠵᠢᠯᠴᠠᠬᠤ ᠬᠢᠵᠠᠭᠠᠷᠯᠠᠬᠤ ᠪᠣᠯᠤᠨ ᠬᠠᠮᠢᠶᠠᠷᠬᠤ ᠶᠢ ᠵᠣᠬᠢᠶᠠᠨ  ᠪᠠᠶᠢᠭᠤᠯᠤᠨ᠎ᠠ᠃ ᠬᠠᠮᠵᠢᠯᠴᠠᠨ ᠰᠤᠳᠤᠯᠬᠤ ᠪᠠ ᠬᠠᠮᠢᠶᠠᠷᠬᠤ ᠂ ᠮᠡᠷᠭᠡᠵᠢᠯ ᠢ ᠳᠡᠯᠭᠡᠷᠡᠭᠦᠯᠬᠦ ᠪᠣᠯᠤᠨ ᠶᠠᠰᠤ ᠴᠢᠨᠠᠷ ᠢ ᠡᠵᠡᠮᠳᠡᠬᠦ ᠪᠠᠷ ᠳᠠᠮᠵᠢᠭᠤᠯᠤᠨ᠂ ᠣᠷᠣᠨ ᠪᠦᠰᠡ ᠶᠢᠨ ᠡᠮ ᠡᠮᠨᠡᠯᠭᠡ ᠶᠢᠨ ᠦᠢᠯᠡᠴᠢᠯᠡᠭᠡᠨ ᠤ ᠴᠢᠳᠠᠪᠤᠷᠢ ᠶᠢ ᠨᠢ ᠳᠡᠭᠡᠭᠰᠢᠯᠡᠭᠦᠯᠬᠦ ᠶᠢ ᠨᠥᠯᠥᠭᠡᠯᠡᠨ ᠳᠠᠶᠢᠴᠢᠯᠠᠨ᠎ᠠ᠃            ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠦᠨᠳᠦᠰᠦᠨ ᠱᠠᠲᠤᠨ ᠳᠤ ᠠᠩᠬ᠎ᠠ ᠡᠮᠴᠢᠯᠡᠭᠦᠯᠦᠨ᠎ᠡ      ᠡᠮᠨᠡᠯᠭᠡ ᠶᠢᠨ ᠬᠤᠯᠪᠣᠭᠠᠲᠤ ᠴᠣᠭᠴᠠ ᠶᠢᠨ ᠪᠦᠲᠦᠭᠡᠨ ᠪᠠᠶᠢᠭᠤᠯᠤᠯᠲᠠ ᠶᠢ ᠥᠷᠨᠢᠭᠦᠯᠬᠦ ᠪᠣᠯ ᠳᠠᠷᠤᠶ ᠡᠳᠡᠭᠡᠷ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠠᠰᠠᠭᠤᠳᠠᠯ ᠢ ᠰᠢᠶᠳᠪᠦᠷᠢᠯᠡᠬᠦ ᠶᠠᠪᠤᠳᠠᠯ ᠮᠦᠨ᠂ ᠱᠠᠲᠤ ᠬᠤᠪᠢᠶᠠᠨ ᠣᠨᠣᠰᠢᠯᠠᠨ ᠡᠮᠨᠡᠬᠦ ᠶᠢ ᠠᠬᠢᠭᠤᠯᠬᠤ ᠳᠤᠮᠳᠠ ᠲᠤᠯᠭᠠᠷᠠᠭᠰᠠᠨ ᠬᠦᠴᠢᠷ ᠠᠰᠠᠭᠤᠳᠠᠯ ᠢ ᠰᠢᠢᠳᠪᠦᠷᠢᠯᠡᠬᠦ ᠨᠢ ᠡᠮᠴᠢᠯᠡᠭᠡᠨ ᠤ ᠡᠬᠢ ᠪᠠᠶᠠᠯᠢᠭ ᠢ ᠨᠢᠭᠡᠳᠦᠯᠲᠡᠶ ᠲᠥᠯᠥᠪᠵᠢᠭᠦᠯᠬᠦ ᠪᠠᠷ ᠲᠠᠮᠵᠢᠨ᠂ ᠣᠷᠣᠨ ᠤ ᠳᠣᠲᠣᠷᠠᠬᠢ ᠠᠯᠪᠠᠨ ᠠᠴᠠ ᠪᠠᠶᠢᠭᠤᠯᠤᠭᠰᠠᠨ ᠭᠤᠷᠪᠠᠳᠤᠭᠠᠷ ᠳᠡᠰ ᠤᠨ ᠡᠮᠨᠡᠯᠭᠡ ᠶᠢᠨ ᠬᠤᠷᠢᠶ᠎ᠠ ᠶᠢᠨ ᠬᠥᠲᠥᠯᠥᠨ ᠳᠠᠭᠠᠭᠤᠯᠬᠤ ᠦᠢᠯᠡᠳᠦᠯ ᠢ ᠨᠢ ᠭᠦᠢᠴᠡᠳ ᠪᠠᠳᠠᠷᠠᠭᠤᠯᠵᠤ᠂ ᠭᠤᠷᠪᠠᠳᠤᠭᠠᠷ ᠳᠡᠰ ᠤᠨ ᠡᠮᠨᠡᠯᠭᠡ ᠶᠢᠨ ᠬᠤᠷᠢᠶ᠎ᠠ ᠶᠢ ᠪᠠᠭᠲᠠᠭᠠᠭᠰᠠᠨ ᠠᠳᠠᠯᠢ ᠪᠤᠰᠤ ᠵᠡᠷᠭᠡ ᠳᠡᠰ᠂ ᠠᠳᠠᠯᠢ ᠪᠤᠰᠤ ᠲᠦᠷᠦᠯ ᠤᠨ ᠡᠮᠴᠢᠯᠡᠭᠡᠨ ᠤ ᠪᠠᠶᠢᠭᠤᠯᠤᠮᠵᠢ ᠶᠢ ᠬᠥᠲᠥᠯᠥᠨ ᠵᠢᠯᠣᠭᠤᠳᠴᠤ ᠪᠠᠶᠢᠭᠠᠳ ᠬᠠᠷᠠᠯᠲᠠ ᠨᠢ ᠲᠣᠳᠣ᠂ ᠡᠷᠬᠡ ᠬᠠᠷᠢᠭᠤᠴᠠᠯᠭ᠎ᠠ ᠨᠢ ᠲᠣᠳᠣᠷᠬᠠᠶ᠂ ᠲᠥᠪ ᠭᠤᠤᠯᠴᠢ ᠪᠥᠭᠡᠳ ᠪᠦᠲᠦᠮᠵᠢᠲᠡᠶ ᠠᠵᠢᠯ ᠬᠤᠪᠢᠶᠠᠷᠢᠯᠠᠨ ᠬᠠᠮᠵᠢᠯᠴᠠᠬᠤ ᠬᠠᠷᠢᠴᠠᠭ᠎ᠠ ᠶᠢ ᠪᠠᠶᠢᠭᠤᠯᠤᠨ᠂ ᠱᠠᠲᠤ ᠬᠤᠪᠢᠶᠠᠨ ᠣᠨᠣᠰᠢᠯᠠᠨ ᠡᠮᠨᠡᠬᠦ ᠲᠦᠷᠢᠮ ᠢ ᠠᠬᠢᠭᠤᠯᠤᠨ ᠪᠣᠢ ᠪᠣᠯᠭᠠᠵᠤ᠂ ᠤᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠦᠨᠳᠦᠰᠦᠨ ᠱᠠᠲᠤᠨ ᠳᠤ ᠠᠩᠬ᠎ᠠ ᠡᠮᠴᠢᠯᠡᠭᠦᠯᠬᠦ᠂ ᠵᠦᠢ ᠵᠣᠬᠢᠰᠲᠠᠶ ᠪᠠᠷ ᠡᠮᠨᠡᠭᠦᠯᠬᠦ ᠶᠠᠪᠤᠳᠠᠯ ᠪᠣᠯᠤᠨ᠎ᠠ᠃      ᠥᠪᠥᠷ ᠮᠣᠩᠭᠤᠯ ᠡᠮᠨᠡᠯᠭᠡ ᠶᠢᠨ ᠬᠤᠯᠪᠣᠭᠠᠲᠤ ᠴᠣᠭᠴᠠ ᠶᠢᠨ ᠪᠦᠳᠦᠭᠡᠨ ᠪᠠᠶᠢᠭᠤᠯᠤᠯᠲᠠ ᠶᠢᠨ ᠲᠠᠯ᠎ᠠ ᠪᠠᠷ᠂ ᠰᠠᠭᠠᠳ ᠦᠭᠡᠢ ᠨᠡᠪᠲᠡᠷᠡᠬᠦ ᠬᠤᠤᠰ ᠴᠢᠭᠯᠡᠯᠲᠦ ᠰᠢᠯᠵᠢᠭᠦᠯᠦᠨ ᠡᠮᠨᠡᠬᠦ ᠲᠣᠭᠲᠠᠴᠠ ᠪᠣᠯᠣᠨ ᠬᠠᠷᠢᠭᠤᠴᠠᠯᠭ᠎ᠠ ᠨᠢᠭᠡᠳᠦᠯᠲᠡᠶ ᠬᠥᠲᠥᠯᠥᠨ ᠵᠢᠯᠣᠭᠤᠳᠬᠤ ᠲᠣᠭᠲᠠᠴᠠ ᠶᠢ ᠪᠠᠶᠢᠭᠤᠯᠬᠤ ᠳᠤ ᠬᠦᠴᠦ ᠲᠠᠯᠪᠢᠵᠤ᠂ ᠡᠭᠦᠨ ᠤ ᠬᠠᠮᠲᠤ ᠭᠤᠷᠪᠠᠳᠤᠭᠠᠷ ᠳᠡᠰ ᠤᠨ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠮᠡᠷᠭᠡᠵᠢᠯ ᠤᠨ ᠨᠥᠯᠥᠭᠡᠯᠡᠯ ᠪᠠ ᠲᠠᠶᠢᠴᠢᠯᠠᠯᠲᠡ ᠶᠢᠨ ᠦᠢᠯᠡᠳᠦᠯ ᠢ ᠴᠢᠬᠤᠯᠠᠴᠢᠯᠠᠵᠤ᠂ ᠴᠢᠰᠤ ᠨᠦᠬᠦᠬᠦ ᠶᠢ ᠴᠢᠰᠤ ᠪᠦᠲᠦᠭᠡᠬᠦ ᠲᠡᠰᠢ ᠬᠤᠪᠢᠷᠠᠭᠤᠯᠤᠨ᠂ ᠡᠮ ᠡᠮᠨᠡᠯᠭᠡ ᠶᠢᠨ ᠳᠠᠭᠠᠳᠬᠠᠯ ᠤᠨ ᠠᠵᠤ ᠠᠬᠤᠶ ᠶᠢᠨ ᠬᠦᠰᠢᠭᠦᠷᠭᠡ ᠶᠢᠨ ᠦᠢᠯᠡᠳᠦᠯ ᠢ ᠵᠡᠷᠭᠡ ᠪᠠᠷ ᠪᠠᠳᠠᠷᠠᠭᠤᠯᠵᠤ᠂ ᠡᠮ ᠡᠮᠨᠡᠯᠭᠡ ᠶᠢᠨ ᠳᠠᠭᠠᠳᠬᠠᠯ ᠤᠨ ᠶᠡᠷᠦᠩᠬᠡᠢ ᠲᠤᠭ᠎ᠠ ᠪᠠᠷ ᠨᠢ ᠰᠦᠢᠳᠬᠡᠯ ᠲᠤᠰᠢᠶᠠᠬᠤ ᠶᠢ ᠬᠡᠷᠡᠭᠵᠢᠭᠦᠯᠦᠨ᠎ᠡ᠃ ᠵᠠᠩᠭᠢᠯᠠᠭ᠎ᠠ ᠨᠢ 3 ᠵᠦᠢᠯ ᠤᠨ ᠭᠤᠣᠯᠳᠠᠯᠭᠠᠲᠤ ᠡᠭᠦᠷᠭᠡ ᠶᠢ ᠳᠣᠪᠣᠶᠢᠯᠭᠠᠬᠤ ᠳᠤ ᠪᠠᠶᠢᠨ᠎ᠠ᠂ ᠲᠤᠬᠠᠶᠢᠯᠠᠪᠠᠯ᠄ ᠡᠮᠴᠢᠯᠡᠭᠡᠨ ᠤ ᠪᠠᠶᠢᠭᠤᠯᠤᠮᠵᠢ ᠶᠢᠨ ᠴᠢᠳᠠᠮᠵᠢ ᠶᠢᠨ ᠪᠠᠶᠢᠷᠢ ᠲᠣᠭᠲᠠᠭᠠᠯᠲᠠ ᠶᠢ ᠨᠠᠶᠢᠳᠠᠪᠤᠷᠢᠵᠢᠭᠤᠯᠵᠤ᠂ ᠦᠨᠳᠦᠰᠦᠨ ᠱᠠᠲᠤᠨ ᠤ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠪᠠ ᠬᠤᠣᠰ ᠴᠢᠭᠯᠡᠯᠲᠦ ᠰᠢᠯᠵᠢᠭᠦᠯᠦᠨ ᠡᠮᠨᠡᠬᠦ ᠶᠠᠪᠤᠴᠠ ᠶᠢ ᠰᠢᠯᠤᠭᠤᠳᠬᠠᠨ᠎ᠠ᠃ ᠬᠤᠲᠠ ᠶᠢᠨ ᠡᠮ ᠡᠮᠨᠡᠯᠭᠡ ᠶᠢᠨ ᠪᠦᠯᠦᠭᠯᠡᠯ᠂ ᠰᠢᠶᠠᠨ ᠤ ᠬᠡᠪᠴᠢᠶᠡᠨ ᠤ ᠡᠮᠴᠢᠯᠡᠭᠡᠨ ᠤ ᠬᠠᠮᠲᠤ ᠶᠢᠨ ᠴᠣᠭᠴᠠ ᠭᠡᠰᠡᠨ ᠴᠦ ᠲᠡᠷᠡ ᠡᠰᠡᠬᠦᠯ᠎ᠡ ᠣᠷᠣᠨ ᠪᠦᠰᠡ ᠠᠯᠤᠰᠯᠠᠭᠰᠠᠨ ᠲᠤᠰᠬᠠᠶ ᠮᠡᠷᠭᠡᠵᠢᠯ ᠤᠨ ᠬᠤᠯᠪᠣᠭ᠎ᠠ᠂ ᠬᠢᠯᠢ ᠬᠢᠵᠠᠭᠠᠷ ᠣᠷᠣᠨ ᠤ ᠠᠯᠤᠰ ᠵᠠᠶ ᠶᠢᠨ ᠡᠮᠴᠢᠯᠡᠭᠡᠨ ᠤ ᠬᠠᠮᠵᠢᠯᠴᠠᠭᠠᠨ ᠤ ᠲᠣᠤᠷ ᠪᠣᠶᠣ ᠨᠠᠶᠢᠳᠠᠨ ᠬᠠᠮᠢᠶᠠᠷᠤᠭᠤᠯᠬᠤ ᠬᠤᠯᠪᠣᠭᠠᠲᠤ ᠴᠣᠭᠴᠠ᠂ ᠳᠡᠭᠡᠳᠦ ᠳᠠᠪᠬᠤᠷᠭ᠎ᠠ ᠶᠢᠨ ᠬᠠᠮᠵᠢᠯᠴᠠᠭᠠᠲᠤ ᠴᠣᠭᠴᠠ ᠶᠢᠨ ᠪᠦᠲᠦᠭᠡᠨ ᠪᠠᠶᠢᠭᠤᠯᠤᠯᠲᠠ ᠪᠣᠯᠣᠨ ᠬᠥᠭᠵᠢᠯᠲᠡ ᠳᠤ ᠴᠦ ᠴᠦᠮ ᠳᠡᠭᠡᠷᠡᠬᠢ ᠳᠡᠭᠡᠭᠰᠢ ᠵᠠᠷᠴᠢᠮ ᠢ ᠵᠢᠷᠤᠮᠯᠠᠬᠤ ᠪᠣᠯᠭᠠᠨ᠎ᠠ᠃      ᠬᠠᠷᠠᠯᠲᠠ ᠵᠢᠴᠢ ᠴᠠᠭ ᠤᠨ ᠠᠬᠢᠴᠠ ᠶᠢ ᠲᠣᠳᠣᠷᠬᠠᠶᠢᠯᠠᠨ᠎ᠠ        ᠣᠶᠢᠯᠠᠭᠠᠭᠰᠠᠨ ᠢᠶᠠᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠨᠢ ᠡᠮᠴᠢᠯᠡᠭᠡᠨ ᠤ ᠪᠠᠶᠢᠭᠤᠯᠤᠮᠵᠢ ᠶᠢᠨ ᠣᠷᠣᠨ ᠪᠠᠶᠢᠷᠢ ᠶᠢᠨ ᠲᠣᠭᠲᠠᠭᠠᠯᠲᠠ᠂ ᠬᠠᠮᠢᠶᠠᠷᠤᠯᠲᠠ ᠪᠣᠯᠣᠨ ᠬᠠᠮᠵᠢᠯᠴᠠᠬᠤ ᠲᠦᠷᠢᠮ ᠵᠡᠷᠭᠡ ᠲᠠᠯ᠎ᠠ ᠪᠠᠷ ᠲᠣᠳᠣᠷᠬᠠᠶ ᠵᠠᠮ ᠱᠤᠭᠤᠮ ᠤᠨ ᠵᠢᠷᠤᠭ ᠪᠠᠶᠢᠬᠤ ᠪᠠᠷ ᠦᠯᠦ ᠪᠠᠷᠠᠨ ᠪᠠᠰᠠ ᠴᠢᠩᠭ᠎ᠠ ᠨᠢᠮᠪᠠᠢ ᠴᠠᠭ ᠤᠨ ᠬᠦᠰᠦᠨᠦᠭᠲᠦ ᠲᠣᠭᠲᠠᠭᠠᠭᠰᠠᠨ ᠪᠠᠶᠢᠨ᠎ᠠ᠃ ᠥᠪᠡᠷᠲᠡᠭᠡᠨ ᠵᠠᠰᠠᠬᠤ ᠣᠷᠣᠨ ᠠᠴᠠ ᠱᠠᠭᠠᠷᠳᠠᠭᠰᠠᠨ ᠨᠢ᠄ 8 ᠳ᠋ᠤᠭᠠᠷ ᠰᠠᠷ᠎ᠠ ᠶᠢᠨ ᠡᠴᠦᠰ ᠠᠴᠠ ᠡᠮᠦᠨ᠎ᠡ᠂ ᠡᠯ᠎ᠡ ᠠᠶᠢᠮᠠᠭ ᠬᠤᠳᠠ ᠨᠤᠭᠤᠳ ᠡᠮᠨᠡᠯᠭᠡ ᠶᠢᠨ ᠬᠤᠯᠪᠣᠭᠠᠲᠤ ᠴᠣᠭᠴᠠ ᠶᠢ ᠪᠦᠲᠦᠭᠡᠨ ᠪᠠᠶᠢᠭᠤᠯᠬᠤ ᠠᠵᠢᠯ ᠤᠨ ᠲᠥᠰᠥᠪ ᠢᠶᠠᠨ ᠨᠡᠶᠢᠲᠡᠯᠡᠨ᠂ ᠲᠤᠰ ᠣᠷᠣᠨ ᠪᠦᠰᠡ ᠶᠢᠨ ᠡᠮᠨᠡᠯᠭᠡ ᠶᠢᠨ ᠬᠤᠯᠪᠣᠭᠠᠲᠤ ᠴᠣᠭᠴᠠ ᠶᠢᠨ ᠪᠦᠳᠦᠭᠡᠨ ᠪᠠᠶᠢᠭᠤᠯᠤᠯᠲᠠ ᠶᠢᠨ ᠲᠤᠭ᠎ᠠ ᠬᠡᠮᠵᠢᠶ᠎ᠡ᠂ ᠬᠡᠪ ᠵᠠᠭᠪᠤᠷ᠂ ᠭᠤᠣᠯ ᠴᠣᠭᠴᠠᠲᠤ ᠨᠢᠭᠡᠴᠡ ᠪᠣᠯᠤᠨ ᠪᠤᠰᠤᠳ ᠪᠦᠷᠢᠯᠳᠦᠬᠦᠨ ᠡᠮᠴᠢᠯᠡᠭᠡᠨ ᠤ ᠪᠠᠶᠢᠭᠤᠯᠤᠮᠵᠢ ᠶᠢ ᠲᠣᠭᠲᠠᠭᠠᠵᠤ᠂ ᠡᠮᠨᠡᠯᠭᠡ ᠶᠢᠨ ᠬᠤᠯᠪᠣᠭᠠᠲᠤ ᠴᠣᠭᠴᠠ ᠶᠢᠨ ᠪᠦᠳᠦᠭᠡᠨ ᠪᠠᠶᠢᠭᠤᠯᠤᠯᠲᠠ ᠶᠢᠨ ᠬᠠᠷᠠᠯᠲᠠ ᠵᠢᠴᠢ ᠴᠠᠭ ᠤᠨ ᠠᠬᠢᠴᠠ ᠪᠠᠨ ᠲᠣᠳᠣᠷᠬᠠᠶᠢᠯᠠᠬᠤ ᠬᠡᠷᠡᠭᠲᠡᠢ᠃ 10 ᠳ᠋ᠤᠭᠠᠷ ᠰᠠᠷ᠎ᠠ ᠶᠢᠨ ᠡᠴᠦᠰ ᠠᠴᠠ ᠡᠮᠦᠨ᠎ᠡ᠂ ᠭᠤᠷᠪᠠᠳᠤᠭᠠᠷ ᠳᠡᠰ ᠤᠨ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠵᠡᠷᠭᠡ ᠭᠤᠣᠯ ᠴᠣᠭᠴᠠᠲᠤ ᠨᠢᠭᠡᠴᠡ ᠨᠢ ᠡᠮᠨᠡᠯᠭᠡ ᠶᠢᠨ ᠬᠤᠯᠪᠣᠭᠠᠲᠤ ᠴᠣᠭᠴᠠ ᠪᠠᠶᠢᠭᠤᠯᠬᠤ ᠠᠵᠢᠯ ᠢᠶᠠᠨ ᠡᠬᠢᠯᠡᠭᠦᠯᠵᠦ᠂ ᠬᠡᠷᠡᠭ ᠡᠷᠬᠢᠯᠡᠭᠴᠢᠳ ᠤᠨ ᠬᠤᠷᠠᠯ ᠪᠠᠶᠢᠭᠤᠯᠤᠨ᠂ ᠳᠥᠷᠢᠮ ᠲᠣᠭᠲᠠᠭᠠᠯ ᠢᠶᠠᠨ ᠲᠣᠭᠲᠠᠭᠠᠬᠤ ᠬᠡᠷᠡᠭᠲᠡᠶ᠃ ᠵᠢᠯ ᠤᠨ ᠡᠴᠦᠰ ᠠᠴᠠ ᠡᠮᠦᠨ᠎ᠡ᠂ 3 ᠵᠦᠢᠯ ᠤᠨ ᠠᠵᠢᠯ ᠪᠣᠯ ᠬᠠᠲᠠᠭᠤ ᠡᠭᠦᠷᠭᠡ ᠪᠣᠯᠣᠨ᠎ᠠ᠂ ᠲᠤᠬᠠᠶᠢᠯᠠᠪᠠᠯ ᠪᠤᠢ ᠪᠦᠬᠦᠢ ᠬᠤᠲᠠ ᠶᠢᠨ ᠠᠯᠪᠠᠨ ᠠᠴᠠ ᠡᠷᠭᠢᠯᠡᠭᠰᠡᠨ ᠭᠤᠷᠪᠠᠳᠤᠭᠠᠷ ᠳᠡᠰ ᠤᠨ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠨᠢ ᠡᠮᠴᠢᠯᠡᠭᠡᠨ ᠤ ᠪᠦᠯᠦᠭᠯᠡᠯ ᠤᠨ ᠬᠡᠯᠪᠡᠷᠢ ᠪᠠᠷ ᠡᠮᠨᠡᠯᠭᠡ ᠶᠢᠨ ᠬᠤᠯᠪᠣᠭᠠᠲᠤ ᠴᠣᠭᠴᠠ ᠶᠢ ᠠᠳᠠᠭ ᠲᠠᠭᠠᠨ 1᠎ ᠶᠢ ᠪᠠᠶᠢᠭᠤᠯᠵᠤ᠂ ᠡᠯ᠎ᠡ ᠠᠶᠢᠮᠠᠭ ᠬᠤᠳᠠ ᠨᠤᠭᠤᠳ ᠠᠳᠠᠭ ᠲᠠᠭᠠᠨ 1 ᠬᠤᠰᠢᠭᠤ ᠰᠢᠶᠠᠨ ᠢ ᠰᠤᠩᠭᠤᠨ ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠦᠲᠦᠭᠡᠨ ᠪᠠᠶᠢᠭᠤᠯᠤᠯᠲᠠ ᠶᠢᠨ ᠲᠤᠷᠰᠢᠯᠲᠠ ᠬᠢᠵᠦ᠂ ᠠᠶᠢᠮᠠᠭ ᠬᠤᠳᠠ ᠨᠢᠭᠡᠪᠦᠷᠢ ᠨᠢ ᠠᠳᠠᠭ ᠲᠠᠭᠠᠨ ᠨᠢᠭᠡ ᠡᠮᠨᠡᠯᠭᠡ ᠶᠢᠨ ᠬᠤᠯᠪᠣᠭᠠᠲᠤ ᠴᠣᠭᠴᠠ ᠶᠢ ᠰᠣᠩᠭᠤᠨ ᠡᠮ ᠤᠨ ᠵᠦᠢᠯ ᠤᠨ ᠮᠠᠲ᠋ᠧᠷᠢᠶᠠᠯ ᠵᠠᠷᠤᠴᠠᠭᠤᠯᠬᠤ ᠬᠡᠮᠵᠢᠶ᠎ᠡ ᠂ ᠲᠥᠰᠦᠪ ᠢ ᠳᠠᠭᠠᠯᠳᠤᠭᠤᠯᠤᠨ ᠬᠤᠳᠠᠯᠳᠤᠨ ᠠᠪᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠬᠦ ᠬᠡᠷᠡᠭᠲᠡᠶ᠃      ᠡᠮᠨᠡᠯᠭᠡ ᠶᠢᠨ ᠬᠤᠯᠪᠣᠭᠠᠲᠤ ᠴᠣᠭᠴᠠ ᠶᠢ ᠪᠦᠲᠦᠭᠡᠨ ᠪᠠᠶᠢᠭᠤᠯᠬᠤ ᠶᠢᠨ ᠭᠤᠣᠯᠳᠠᠯᠭ᠎ᠠ ᠨᠢ ᠱᠠᠲᠤ ᠬᠤᠪᠢᠶᠠᠨ ᠣᠨᠣᠰᠢᠯᠠᠨ ᠡᠮᠨᠡᠬᠦ ᠪᠠᠷ ᠰᠠᠭᠤᠷᠢ ᠪᠣᠯᠭᠠᠵᠤ᠂ ᠮᠡᠷᠭᠡᠵᠢᠯ ᠤᠨ ᠲᠠᠯ᠎ᠠ ᠪᠠᠷ᠂ ᠤᠯᠤᠰ ᠠᠴᠠ ᠲᠣᠭᠲᠠᠭᠠᠭᠰᠠᠨ ᠴᠢᠰᠤᠨ ᠳᠠᠷᠤᠯᠲᠠ ᠥᠨᠳᠥᠷ ᠡᠪᠡᠳᠴᠢᠨ᠂ ᠰᠢᠬᠢᠷ ᠰᠢᠵᠢᠩ ᠡᠪᠡᠳᠴᠢᠨ᠂ ᠤᠵᠢᠭ ᠴᠢᠨᠠᠷᠲᠤ ᠪᠦᠭᠯᠡᠷᠡᠭᠦᠯᠬᠦ ᠴᠢᠨᠠᠷᠲᠤ ᠠᠭᠤᠰᠬᠢᠨ ᠬᠡᠢ ᠬᠠᠪᠤᠩ᠂ ᠵᠢᠷᠦᠬᠡᠨ ᠲᠢᠲᠢᠮ ᠤᠨ ᠡᠪᠡᠳᠴᠢᠨ ᠵᠡᠷᠭᠡ ᠡᠪᠡᠳᠴᠢᠨ ᠤ ᠵᠦᠢᠯ ᠢ ᠱᠠᠲᠤ ᠬᠤᠪᠢᠶᠠᠨ ᠣᠨᠣᠰᠢᠯᠠᠨ ᠡᠮᠨᠡᠬᠦ ᠶᠢ ᠡᠮᠨᠡᠯᠭᠡ ᠶᠢᠨ ᠬᠤᠯᠪᠤᠭᠠᠲᠤ ᠴᠣᠭᠴᠠ ᠶᠢᠨ ᠳᠣᠲᠣᠷ᠎ᠠ ᠡᠮᠨᠡᠬᠦ ᠪᠣᠯᠭᠠᠨ ᠵᠢᠷᠤᠮᠵᠢᠭᠤᠯᠵᠤ᠂ ᠡᠳᠡᠭᠡᠷ ᠡᠪᠡᠳᠴᠢᠨ ᠤ ᠡᠭᠦᠳᠡᠨ ᠡᠮᠨᠡᠯᠭᠡ ᠶᠢᠨ ᠦᠢᠯᠡᠴᠢᠯᠡᠭᠡᠨ ᠢ ᠭᠤᠣᠯᠳᠠᠭᠤ ᠦᠨᠳᠦᠰᠦᠨ ᠱᠠᠲᠤᠨ ᠤ ᠡᠮ ᠡᠮᠨᠡᠯᠭᠡ ᠶᠢᠨ ᠪᠠᠶᠢᠭᠤᠯᠤᠮᠵᠢ ᠳᠤ ᠣᠯᠭᠤᠨ᠎ᠠ ︔ ᠬᠠᠮᠢᠶᠠᠷᠤᠯᠲᠠ ᠶᠢᠨ ᠲᠠᠯ᠎ᠠ ᠪᠠᠷ᠂ ᠡᠮᠨᠡᠯᠭᠡ ᠶᠢᠨ ᠬᠤᠯᠪᠣᠭᠠᠲᠤ ᠴᠣᠭᠴᠠ ᠯᠤᠭ᠎ᠠ ᠵᠣᠬᠢᠴᠠᠭᠰᠠᠨ ᠬᠢᠨᠠᠨ ᠰᠢᠯᠭᠠᠬᠤ ᠰᠢᠰᠲ᠋ᠧᠮᠵᠢ ᠶᠢ ᠪᠠᠶᠢᠭᠤᠯᠵᠤ᠂ ᠰᠠᠭᠤᠷᠢ ᠲᠤᠭ᠎ᠠ ᠶᠢᠨ ᠨᠦᠯᠦᠭᠡᠯᠡᠯ ᠢᠶᠠᠷ ᠳᠠᠶᠢᠴᠢᠯᠠᠬᠤ᠂ ᠡᠮ ᠡᠮᠨᠡᠯᠭᠡ ᠶᠢᠨ ᠡᠬᠢ ᠪᠠᠶᠠᠯᠢᠭ ᠳᠠᠷᠤᠭᠳᠠᠬᠤ ᠵᠡᠷᠭᠡ ᠪᠠᠶᠢᠳᠠᠯ ᠢ ᠭᠤᠣᠯᠳᠠᠯᠭ᠎ᠠ ᠪᠣᠯᠭᠠᠨ ᠬᠢᠨᠠᠨ ᠰᠢᠯᠭᠠᠵᠤ᠂ ᠦᠨᠳᠦᠰᠦᠨ ᠱᠠᠲᠤᠨ ᠤ ᠣᠨᠣᠰᠢᠯᠠᠨ ᠡᠮᠨᠡᠭᠦᠯᠬᠦ ᠬᠡᠮᠵᠢᠶ᠎ᠡ ᠶᠢᠨ ᠡᠵᠡᠯᠡᠬᠦ ᠬᠠᠷᠢᠴᠠᠯ᠂ ᠬᠤᠣᠰ ᠴᠢᠭᠯᠡᠯᠲᠦ ᠰᠢᠯᠵᠢᠭᠦᠯᠦᠨ ᠡᠮᠨᠡᠭᠦᠯᠬᠦ ᠬᠠᠷᠢᠴᠠᠯ᠂ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠰᠠᠶᠢᠵᠢᠷᠠᠯᠲᠠ ᠵᠡᠷᠭᠡ ᠶᠢᠨ ᠭᠦᠢᠴᠡᠳᠬᠡᠯ ᠲᠤᠭ᠎ᠠ ᠪᠣᠯᠭᠠᠵᠤ ᠬᠢᠨᠠᠨ ᠰᠢᠯᠭᠠᠬᠤ ᠰᠢᠰᠲ᠋ᠧᠮᠵᠢ ᠳᠤ ᠣᠷᠤᠭᠤᠯᠤᠨ᠎ᠠ᠃      ᠥᠨᠥᠬᠡᠨ᠂ ᠥᠪᠡᠷᠲᠡᠭᠡᠨ ᠵᠠᠰᠠᠬᠤ ᠣᠷᠣᠨ ᠤ 12 ᠠᠶᠢᠮᠠᠭ ᠬᠤᠲᠠ ᠳᠤ ᠮᠣᠩᠭᠤᠯ ᠬᠢᠲᠠᠳ ᠡᠮᠨᠡᠯᠭᠡ ᠶᠢ ᠪᠠᠭᠲᠠᠭᠠᠭᠰᠠᠨ ᠨᠡᠶᠢᠲᠡ 65 ᠡᠮᠨᠡᠯᠭᠡ ᠶᠢᠨ ᠬᠤᠷᠢᠶ᠎ᠠ ᠨᠢ ᠡᠮᠨᠡᠯᠭᠡ ᠶᠢᠨ ᠬᠤᠯᠪᠣᠭᠠᠲᠤ ᠴᠣᠭᠴᠠ ᠶᠢᠨ ᠪᠦᠲᠦᠭᠡᠨ ᠪᠠᠶᠢᠭᠤᠯᠤᠯᠲᠠ ᠪᠠᠨ ᠡᠷᠴᠢᠮᠲᠡᠢ ᠠᠬᠢᠭᠤᠯᠤᠨ᠂ ᠡᠭᠦᠨ ᠲᠠᠢ ᠵᠣᠬᠢᠴᠠᠭᠰᠠᠨ ᠥᠨᠡᠯᠡᠯᠲᠡ ᠶᠢᠨ ᠰᠢᠰᠲ᠋ᠧᠮᠵᠢ ᠴᠦ ᠰᠠᠯᠤᠯ ᠦᠭᠡᠢ ᠲᠠᠭᠠᠨ ᠣᠷᠤᠭᠰᠢᠯᠠᠵᠤ᠂ ᠵᠢᠯ ᠤᠨ ᠡᠴᠦᠰ ᠪᠣᠯᠬᠤ ᠳᠤ ᠦᠨᠡᠯᠡᠯᠲᠡ ᠵᠢᠭᠰᠠᠭᠠᠯᠲᠠ ᠶᠢᠨ ᠦᠷ᠎ᠡ ᠳ᠋ᠦᠩ ᠢ ᠨᠡᠶᠢᠲᠡᠯᠡᠬᠦ ᠪᠣᠯᠣᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号