ᠥᠪᠡᠷᠲᠡᠭᠡᠨ ᠵᠠᠰᠠᠬᠤ ᠣᠷᠣᠨ ᠤ ᠰᠢᠶᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠣᠰᠣᠭᠠᠷ᠂ | ᠤᠯᠠᠭᠠᠨᠬᠠᠳᠠ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ︽ᠤᠯᠠᠭᠠᠨᠬᠠᠳᠠ ᠬᠤᠲᠠ ᠶᠢᠨ ᠠᠮᠢ | ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠶᠡᠭᠡ ᠪᠠᠢᠴᠠᠭᠠᠯᠲᠠ ᠶᠢᠨ ᠠᠵᠢᠯ ᠤᠨ ᠲᠥᠰᠦᠯ︾ ᠪᠠ ︽ | ᠤᠯᠠᠭᠠᠨᠬᠠᠳᠠ ᠬᠤᠲᠠ ᠶᠢᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠤᠯᠢ ᠲᠣᠭᠲᠠᠭᠠᠯ ᠠᠴᠠ ᠵᠥᠷᠢᠴᠡᠨ | ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠬᠤ ᠠᠵᠢᠯᠯᠠᠭ᠎ᠠ ᠶᠢᠨ ᠠᠰᠠᠭᠤᠳᠠᠯ ᠢ ᠪᠦᠬᠦ ᠲᠠᠯ᠎ᠠ ᠪᠠᠷ ᠵᠢᠭᠰᠠᠭᠠᠨ | ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠬᠤ ᠲᠤᠬᠠᠢ ᠲᠥᠰᠦᠯ︾ ᠢ ᠳᠠᠷᠤᠮᠠᠯᠯᠠᠨ ᠲᠠᠷᠬᠠᠭᠠᠪᠠ᠃ | ᠭᠠᠷᠮᠠᠭᠠᠶ ᠬᠦᠴᠦᠨ ᠢ ᠰᠣᠩᠭᠤᠨ᠂ 12 ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠪᠠᠶᠢᠭᠤᠯᠤᠨ᠂ ᠬᠤᠰᠢᠭᠤ | ᠰᠢᠶᠠᠨ ᠲᠣᠭᠤᠷᠢᠭ ᠲᠤ ᠭᠦᠨᠵᠡᠭᠡᠶᠢᠷᠡᠨ ᠥᠪᠡᠷ ᠲᠡᠭᠡᠨ ᠪᠠᠶᠢᠴᠠᠭᠠᠬᠤ ᠠᠵᠢᠯ ᠢ ᠪᠦᠬᠦ ᠲᠠᠯ᠎ᠠ ᠪᠠᠷ ᠥᠷᠨᠢᠭᠦᠯᠦᠭᠡᠳ᠂ | 337 ᠵᠦᠢᠯ ᠤᠨ ᠳᠠᠯᠳᠠ ᠭᠡᠮ ᠤᠨ ᠠᠰᠠᠭᠤᠳᠠᠯ ᠢ ᠵᠢᠭᠰᠠᠭᠠᠨ ᠪᠠᠶᠢᠴᠠᠭᠠᠵᠤ᠂ ᠠᠵᠢᠯ ᠲᠥᠷᠥᠯ ᠪᠠ ᠭᠠᠵᠠᠷ | ᠣᠷᠣᠨ ᠤ ᠴᠡᠭᠴᠡᠯᠡᠨ ᠰᠠᠶᠢᠵᠢᠷᠠᠭᠤᠯᠬᠤ ᠨᠠᠷᠢᠨ ᠳᠠᠩᠰᠠ ᠶᠢ ᠪᠠᠶᠢᠭᠤᠯᠪᠠ᠃ ᠨᠠᠷᠢᠨ ᠲᠣᠬᠢᠷᠠᠭᠤᠯᠤᠨ᠂ ᠨᠢᠭᠲᠠ | ᠪᠠᠶᠢᠷᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠶᠡᠭᠡ ᠪᠠᠢᠴᠠᠭᠠᠯᠲᠠ ᠶᠢ ᠤᠭᠲᠤᠬᠤ ᠪᠠᠲᠤᠯᠠᠭ᠎ᠠ ᠶᠢᠨ ᠠᠵᠢᠯ ᠢ ᠡᠷᠴᠢᠮᠲᠡᠢ ᠡᠮᠬᠢ ᠵᠢᠷᠤᠮ ᠲᠠᠢ ᠪᠠᠷ ᠲᠦᠯᠬᠢᠨ | ᠠᠬᠢᠭᠤᠯᠪᠠ᠃ ᠥᠪᠡᠷᠲᠡᠭᠡᠨ ᠵᠠᠰᠠᠬᠤ ᠣᠷᠣᠨ ᠤ ᠰᠢᠮᠳᠠᠭᠤᠯᠤᠨ ᠪᠠᠶᠢᠴᠠᠭᠠᠬᠤ ᠬᠤᠭᠤᠴᠠᠭᠠᠨ ᠳᠤ᠂ ᠵᠠᠬᠢᠳᠠᠯ | ᠰᠤᠷᠪᠤᠯᠵᠢᠯᠠᠭ᠎ᠠ ᠪᠠᠷ ᠢᠯᠡᠴᠢᠯᠡᠨ ᠮᠡᠳᠡᠭᠦᠯᠦᠭᠰᠡᠨ 52 ᠬᠡᠷᠡᠭ ᠢ ᠳ᠋ᠢᠶᠠᠩᠬᠤᠸᠠ ᠢᠶᠠᠷ ᠬᠦᠯᠢᠶᠡᠨ ᠠᠪᠤᠪᠠ᠂ ᠡᠭᠦᠨ ᠳᠤ | ᠳᠠᠪᠲᠠᠨ ᠢᠯᠡᠴᠢᠯᠡᠨ ᠮᠡᠳᠡᠭᠦᠯᠦᠭᠰᠡᠨ ᠬᠡᠷᠡᠭ 15᠂ ᠪᠣᠳᠠᠲᠠᠶ ᠪᠠᠷ ᠬᠦᠯᠢᠶᠡᠨ ᠠᠪᠴᠤ ᠰᠢᠶᠳᠪᠦᠷᠢᠯᠡᠭᠰᠡᠨ ᠨᠢ 37᠂ | ᠪᠠᠶᠢᠴᠠᠭᠠᠯᠲᠠ ᠪᠠᠷ ᠳᠠᠮᠵᠢᠭᠤᠯᠤᠨ ᠦᠨᠡᠨ ᠢᠶᠠᠷ ᠲᠣᠳᠣᠯᠠᠭᠰᠠᠨ ᠨᠢ 28 ᠪᠤᠢ᠃ ᠤᠯᠡᠠ ᠲᠦᠮᠡᠨ ᠤ ᠢᠯᠡᠴᠢᠯᠡᠨ | ᠮᠡᠳᠡᠭᠦᠯᠦᠭᠰᠡᠨ ᠠᠰᠠᠭᠤᠳᠠᠯ ᠳᠤ ᠴᠢᠭᠯᠡᠭᠦᠯᠦᠨ᠂ ᠡᠯ᠎ᠡ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ | ᠲᠦᠷᠦᠭᠦᠯᠡᠨ ᠶᠡᠷᠦᠩᠬᠡᠶᠢᠯᠡᠨ ᠠᠳᠬᠤᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠤᠬᠠᠶ ᠶᠢᠨ ᠭᠠᠵᠠᠷ ᠲᠤ | ᠬᠢᠨᠠᠨ ᠬᠠᠷᠭᠤᠭᠤᠯᠵᠤ᠂ ᠳᠡᠭᠡᠳᠦ ᠳᠣᠣᠷᠠᠳᠤ ᠱᠠᠲᠤ ᠪᠠᠷ ᠢᠶᠠᠨ ᠬᠠᠮᠲᠤᠷᠠᠨ ᠬᠥᠳᠡᠯᠦᠯᠴᠡᠨ᠂ ᠨᠢᠭᠲᠠ ᠬᠠᠮᠵᠢᠯᠴᠠᠵᠤ᠂ | ᠲᠦᠷᠭᠡᠨ ᠲᠤᠰᠬᠠᠯ ᠭᠠᠷᠭᠠᠵᠤ᠂ 34 ᠬᠡᠷᠡᠭ ᠢ ᠵᠠᠷᠯᠢᠭᠳᠠᠨ ᠴᠡᠭᠴᠡᠯᠡᠨ ᠰᠠᠶᠢᠵᠢᠷᠠᠭᠤᠯᠵᠤ᠂ 10 ᠬᠡᠷᠡᠭ ᠢ ᠬᠡᠷᠡᠭ | ᠪᠣᠯᠭᠠᠨ ᠪᠠᠶᠢᠴᠠᠭᠠᠵᠤ᠂ 1 ᠬᠡᠷᠡᠭ ᠢ ᠬᠡᠷᠡᠭ ᠪᠣᠯᠭᠠᠨ ᠰᠢᠳᠬᠡᠵᠦ᠂ 3 ᠬᠥᠮᠦᠨ ᠲᠠᠢ ᠪᠣᠯᠵᠣᠨ ᠶᠠᠷᠢᠯᠴᠠᠵᠤ᠂ 8 | ᠲᠦᠮᠡᠨ ᠲᠥᠭᠦᠷᠢᠭ ᠤᠨ ᠲᠣᠷᠭᠠᠭᠤᠯᠢ ᠠᠪᠴᠤ᠂ ᠴᠠᠭ ᠲᠤᠬᠠᠶ ᠳᠤᠨᠢ ᠰᠢᠶᠳᠪᠦᠷᠢᠯᠡᠵᠦ ᠳᠠᠭᠤᠰᠬᠠᠭᠰᠠᠨ ᠨᠤᠷᠮ᠎ᠠ | 100% ᠳᠤ ᠬᠦᠷᠪᠡ᠃ |