5 ᠳ᠋ᠤᠭᠠᠷ ᠰᠠᠷ᠎ᠠ ᠶᠢᠨ ᠡᠴᠦᠰ ᠢᠶᠠᠷ᠂ ᠪᠥᠬᠦ ᠣᠷᠣᠨ ᠤ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠠᠵᠤ | ᠦᠶᠯᠡᠳᠪᠦᠷᠢ ᠶᠢᠨ 896 ᠲᠥᠷᠥᠯ ᠵᠦᠶᠯ ᠢ ᠰᠢᠨ᠎ᠡ ᠪᠠᠷ ᠠᠵᠢᠯ ᠡᠬᠢᠯᠡᠭᠦᠯᠦᠭᠰᠡᠨ ᠪᠠ ᠰᠡᠷᠭᠦᠭᠡᠵᠦ᠂ ᠡᠬᠢᠯᠡᠭᠦᠯᠦᠨ | ᠰᠡᠷᠭᠦᠭᠡᠭᠰᠡᠨ ᠨᠣᠷᠮ᠎ᠠ ᠨᠢ 89.6% ᠳᠤ ᠬᠦᠷᠴᠦ᠂ 1237 ᠳ᠋ᠦᠩᠰᠢᠭᠤᠷ ᠲᠥᠭᠦᠷᠢᠭ ᠤᠨ ᠪᠡᠯᠡ | ᠣᠷᠣᠭᠤᠯᠤᠯᠲᠠ ᠶᠢ ᠪᠡᠶᠡᠯᠡᠭᠦᠯᠪᠡ᠃ ᠡᠭᠦᠨ ᠳᠤ᠂ ᠰᠢᠨ᠎ᠡ ᠪᠠᠷ ᠪᠠᠶᠢᠭᠤᠯᠬᠤ ᠠᠵᠤ ᠦᠢᠯᠡᠳᠪᠦᠷᠢ ᠶᠢᠨ ᠲᠥᠷᠥᠯ | ᠵᠦᠢᠯ 460 ᠶᠢ ᠡᠬᠢᠯᠡᠭᠦᠯᠵᠦ᠂ ᠠᠵᠢᠯ ᠡᠬᠢᠯᠡᠭᠦᠯᠦᠭᠰᠡᠨ ᠨᠣᠷᠮ᠎ᠠ ᠨᠢ 89.5% ᠳᠤ ᠬᠦᠷᠪᠡ᠂ ᠪᠡᠭᠡᠵᠢᠩ ᠤᠨ | ᠬᠤᠪᠢ ᠡᠵᠡᠮᠳᠡᠬᠦ ᠬᠢᠵᠠᠭᠠᠷᠲᠤ ᠺᠤᠮᠫᠠᠨᠢ ᠶᠢᠨ 40 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠤᠨ ᠨᠡᠭᠦᠷᠡᠰᠦᠨ | ᠬᠡᠢ ᠦᠢᠯᠡᠳᠬᠦ᠂ ᠢ ᠲᠠᠢ ᠶᠢᠨ 200 ᠲᠦᠮᠡᠨ ᠲᠣᠨ ᠤ ᠨᠡᠭᠦᠷᠡᠰᠦ ᠶᠢ ᠲᠠᠮ ᠢᠶᠠᠷ ᠰᠢᠩᠭᠡᠵᠢᠭᠦᠯᠬᠦ ᠵᠢᠱᠢᠶ᠎ᠡ | ᠦᠵᠡᠭᠦᠯᠬᠦ ᠲᠥᠷᠥᠯ ᠵᠦᠢᠯ ᠵᠡᠷᠭᠡ ᠨᠢᠭᠡ ᠪᠦᠯᠦᠭ ᠰᠢᠨ᠎ᠡ ᠴᠢᠬᠤᠯᠠ ᠲᠥᠷᠥᠯ ᠵᠦᠢᠯ ᠢ ᠠᠵᠢᠯ ᠡᠬᠢᠯᠡᠭᠦᠯᠦᠨ | ᠪᠥᠳᠥᠭᠡᠨ ᠪᠠᠶᠢᠭᠤᠯᠵᠤ᠂ ᠵᠥᠩ ᠲᠢᠶᠠᠨ ᠾᠧ ᠴᠤᠸᠠᠩ ᠤᠨ 360 ᠲᠦᠮᠡᠨ ᠲᠣᠨ ᠮᠧᠲ᠋ᠢᠯ ᠠᠯᠺᠣᠣᠯ᠂ ᠵᠦᠩ | ᠬᠤᠸᠠᠨ ᠭᠡᠷᠡᠯ ᠴᠡᠨᠡᠭ ᠤᠨ ᠭᠤᠷᠪᠠᠳᠤᠭᠠᠷ ᠬᠤᠭᠤᠴᠠᠭ᠎ᠠ᠂ ᠮᠧᠩ ᠸᠧᠢ ᠰᠢᠨᠵᠢᠯᠡᠬᠦ ᠤᠬᠠᠭᠠᠨ ᠮᠡᠷᠭᠡᠵᠢᠯ ᠤᠨ PVA | ᠶᠢᠨ ᠬᠤᠶᠠᠳᠤᠭᠠᠷ ᠬᠤᠭᠤᠴᠠᠭ᠎ᠠ᠂ ᠱᠠᠠ ᠱᠠᠠ ᠰᠢᠨ᠎ᠡ ᠡᠨᠧᠷᠭᠢ ᠶᠢᠨ ᠮᠠᠰᠢᠨ ᠲᠡᠷᠭᠡ ᠵᠡᠷᠭᠡ ᠨᠢᠭᠡ ᠪᠦᠯᠦᠭ ᠠᠵᠤ | ᠦᠢᠯᠡᠳᠪᠦᠷᠢ ᠶᠢᠨ ᠲᠦᠷᠦᠯ ᠵᠦᠢᠯ ᠤᠨ ᠪᠠᠷᠢᠯᠭ᠎ᠠ ᠶᠢᠨ ᠠᠵᠢᠯ ᠢ ᠳᠠᠭᠤᠰᠬᠠᠵᠤ ᠠᠰᠢᠭᠯᠠᠯᠲᠠ ᠳᠤ ᠣᠷᠣᠭᠤᠯᠵᠠᠢ᠃ |