ᠥᠪᠥᠷ ᠮᠣᠩᠭᠤᠯ ᠭᠤᠷᠪᠠᠨ ᠵᠦᠢᠯ ᠤᠨ ᠠᠵᠢᠯ ᠢ ᠭᠤᠣᠯᠳᠠᠯᠭ᠎ᠠ ᠲᠠᠢ ᠰᠠᠶᠢᠲᠤᠷ ᠠᠳᠬᠤᠵᠤ ᠬᠤᠳᠠᠯᠳᠤᠭᠠᠨ ᠤ ᠶᠠᠪᠤᠳᠠᠯ ᠤᠨ ᠲᠦᠷᠢᠮ ᠤᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ ᠪᠤᠢ
ᠨᠡᠶᠢᠲᠡᠯᠡᠭᠰᠡᠨ ᠴᠠᠭ᠄
2017/7/12
     ᠭᠤᠷᠪᠠᠨ ᠵᠢᠯ ᠭᠠᠷᠤᠶ ᠶᠢᠨ ᠲᠤᠷᠰᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠦᠷᠢᠮ ᠤᠨ ᠥᠭᠡᠷᠡᠴᠢᠯᠡᠯᠲᠡ ᠢᠯᠡᠳᠲᠡ ᠠᠮᠵᠢᠯᠲᠠ ᠣᠯᠵᠠᠢ᠃ ᠬᠤᠶᠢᠰᠢᠳᠠ᠂ ᠮᠠᠨ ᠤ ᠣᠷᠣᠨ ᠤᠯᠤᠰ ᠤᠨ ᠨᠢᠭᠡᠳᠦᠯᠲᠡᠶ ᠲᠣᠬᠢᠷᠠᠭᠤᠯᠤᠯᠲᠠ ᠶᠣᠰᠣᠭᠠᠷ᠂ ᠭᠤᠷᠪᠠᠨ ᠵᠦᠢᠯ ᠤᠨ ᠠᠵᠢᠯ ᠢ ᠭᠤᠣᠯᠳᠠᠯᠭ᠎ᠠ ᠲᠠᠢ ᠰᠠᠶᠢᠲᠤᠷ ᠠᠳᠬᠤᠨ᠂ ᠬᠤᠳᠠᠯᠳᠤᠭᠠᠨ ᠤ ᠶᠠᠪᠤᠳᠠᠯ ᠤᠨ ᠲᠦᠷᠢᠮ ᠤᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠬᠦ ᠪᠣᠯᠣᠨ᠎ᠠ᠃      ᠨᠢᠭᠡ ᠳᠤ ︽ᠣᠯᠠᠨ ᠦᠨᠡᠮᠯᠡᠯ ᠢ ᠨᠢᠭᠡᠳᠬᠡᠬᠦ︾ ᠳᠠᠩᠰᠠᠯᠠᠯᠲᠠ ᠶᠢᠨ ᠲᠦᠷᠢᠮ ᠤᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠬᠦᠴᠦᠯᠡᠨ ᠠᠬᠢᠭᠤᠯᠵᠤ᠂ ᠬᠠᠤᠯᠢ ᠲᠣᠭᠲᠠᠭᠠᠯ ᠳᠤ ᠨᠡᠶᠢᠴᠡᠭᠰᠡᠨ ᠬᠡᠪᠴᠢᠶᠡᠨ ᠳᠣᠲᠣᠷ᠎ᠠ ᠭᠡᠷᠡᠴᠢ ᠦᠨᠡᠮᠯᠡᠯ ᠢ ᠠᠯᠢ ᠪᠣᠯᠬᠤ ᠪᠠᠷ ᠢᠯᠡᠭᠦᠬᠡᠨ ᠡᠮᠬᠢᠯᠡᠨ ᠨᠡᠶᠢᠯᠡᠭᠦᠯᠵᠦ᠂ ᠬᠤᠳᠠᠯᠳᠤᠭᠠᠨ ᠤ ᠶᠠᠪᠤᠳᠠᠯ ᠤᠨ ᠳᠠᠩᠰᠠᠯᠠᠯᠲᠠ ᠶᠢᠨ ᠶᠠᠪᠤᠴᠠ ᠳᠤᠮᠳᠠ ᠠᠵᠤ ᠠᠬᠤᠶᠢᠯᠠᠯ ᠤᠨ ᠭᠦᠢᠴᠡᠳᠬᠡᠬᠦ ᠦᠨᠡᠮᠯᠡᠯ ᠣᠯᠠᠨ᠂ ᠬᠦᠶᠦᠬᠦ ᠨᠢ ᠠᠷᠪᠢᠨ ᠪᠠᠶᠢᠬᠤ ᠠᠰᠠᠭᠤᠳᠠᠯ ᠤᠳ ᠢ ᠨᠡᠩ ᠰᠠᠶᠢᠲᠤᠷ ᠰᠢᠢᠳᠪᠦᠷᠢᠯᠡᠨ᠎ᠡ︔ ᠠᠵᠤ ᠠᠬᠤᠶᠢᠯᠠᠯ ᠤᠨ ᠡᠵᠡᠩᠨᠡᠯᠲᠡ ᠶᠢᠨ ᠦᠨᠡᠮᠯᠡᠯ ᠪᠣᠯᠤᠨ ᠳᠠᠩᠰᠠᠯᠠᠭᠤᠯᠬᠤ ᠪᠦᠬᠦ ᠶᠠᠪᠤᠴᠠ ᠶᠢ ᠡᠯᠧᠺᠲᠷᠤᠨᠴᠢᠯᠡᠬᠦ ᠶᠢ ᠤᠯᠠᠮ ᠨᠢᠭᠡ ᠠᠯᠬᠤᠮ ᠭᠦᠨᠵᠡᠭᠡᠢ ᠠᠬᠢᠭᠤᠯᠵᠤ᠂ ᠳᠠᠩᠰᠠᠯᠠᠭᠤᠯᠤᠨ ᠪᠦᠷᠢᠳᠬᠡᠭᠦᠯᠬᠦ ᠶᠢ ᠤᠯᠠᠮ ᠨᠢᠭᠡ ᠠᠯᠬᠤᠮ ᠲᠦᠬᠦᠮ ᠪᠣᠯᠭᠠᠨ᠎ᠠ︔ ᠠᠵᠤ ᠠᠬᠤᠶᠢᠯᠠᠯ ᠤᠨ ᠨᠡᠷᠡᠶᠢᠳᠦᠯ ᠢ  ᠬᠠᠷᠭᠤᠭᠤᠯᠤᠨ ᠵᠥᠪᠰᠢᠶᠡᠷᠡᠭᠦᠯᠬᠦ ᠥᠭᠡᠷᠡᠴᠢᠯᠡᠯᠲᠡ ᠶᠢ ᠦᠷᠭᠦᠯᠵᠢᠯᠡᠨ ᠲᠦᠯᠬᠢᠨ ᠠᠬᠢᠭᠤᠯᠵᠤ᠂ ᠠᠵᠤ ᠠᠬᠤᠶᠢᠯᠠᠯ ᠤᠨ ᠨᠡᠷᠡᠶᠢᠳᠦᠯ ᠢ ᠪᠠᠶᠢᠴᠠᠭᠠᠨ ᠯᠠᠪᠯᠠᠬᠤ᠂ ᠬᠠᠷᠢᠴᠠᠭᠤᠯᠬᠤ ᠰᠢᠰᠲ᠋ᠧᠮ ᠢ ᠪᠦᠷᠢᠨᠰᠢᠭᠦᠯᠵᠦ᠂  ᠪᠠᠶᠢᠴᠠᠭᠠᠨ ᠯᠠᠪᠯᠠᠬᠤ᠂ ᠰᠤᠩᠭᠤᠬᠤ᠂ ᠬᠢᠨᠠᠨ ᠪᠠᠶᠢᠴᠠᠭᠠᠬᠤ ᠶᠢ ᠠᠦ᠋ᠲ᠋ᠣᠴᠢᠯᠠᠬᠤ ᠬᠡᠮᠵᠢᠶ᠎ᠡ ᠶᠢ ᠳᠡᠭᠡᠭᠰᠢᠯᠡᠭᠦᠯᠦᠨ᠎ᠡ︔ ᠠᠵᠤ ᠠᠬᠤᠶᠢᠯᠠᠯ ᠪᠣᠯᠣᠨ ᠬᠤᠪᠢᠴᠢᠯᠠᠯᠲᠠ ᠶᠢ ᠳᠦᠭᠦᠮᠴᠢᠯᠡᠨ ᠪᠦᠷᠢᠳᠬᠡᠯ ᠠᠴᠠ ᠬᠠᠰᠤᠬᠤ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠠᠵᠤ ᠠᠬᠤᠶᠢᠯᠠᠯ ᠪᠣᠯᠣᠨ ᠵᠠᠬ᠎ᠠ ᠳᠡᠯᠭᠡᠭᠦᠷ ᠤᠨ ᠭᠤᠣᠯ ᠴᠣᠭᠴᠠ  ᠶᠢᠨ ᠲᠦᠷᠭᠡᠨ ᠤᠬᠤᠷᠢᠵᠤ ᠭᠠᠷᠬᠤ ᠲᠣᠭᠲᠠᠴᠠ ᠶᠢ ᠳᠦᠭᠦᠮᠴᠢᠯᠡᠨ ᠪᠦᠷᠢᠨᠰᠢᠭᠦᠯᠵᠦ᠂ ᠠᠵᠤ ᠠᠬᠤᠶᠢᠯᠠᠯ ᠤᠨ ᠤᠬᠤᠷᠢᠵᠤ ᠭᠠᠷᠬᠤ ᠦᠶᠡᠯᠡᠯ ᠤᠨ ᠬᠤᠭᠤᠴᠠᠭ᠎ᠠ ᠶᠢ ᠪᠣᠭᠤᠨᠢᠰᠬᠠᠨ᠂ ᠳᠠᠩᠰᠠᠯᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃      ᠬᠤᠶᠠᠷ ᠲᠤ ᠤᠯᠤᠰ ᠤᠨ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢ  ᠢᠯᠡ ᠨᠡᠶᠢᠲᠡᠯᠡᠬᠦ ᠰᠢᠰᠲ᠋ᠧᠮ ᠤᠨ ᠴᠢᠳᠠᠮᠵᠢ ᠶᠢ ᠤᠯᠠᠮ ᠨᠢᠭᠡ ᠠᠯᠬᠤᠮ ᠪᠦᠷᠢᠨᠰᠢᠭᠦᠯᠵᠦ᠂ ︽ᠪᠦᠬᠦ ᠤᠯᠤᠰ ᠢᠶᠠᠷ ᠢᠶᠠᠨ ᠨᠢᠭᠡ ᠲᠣᠣᠷ ᠰᠦᠯᠵᠢᠶ᠎ᠡ ᠪᠠᠷ ᠭᠦᠢᠴᠡᠳᠬᠡᠬᠦ︾᠎ ᠶᠢᠨ ᠱᠠᠭᠠᠷᠳᠠᠯᠭ᠎ᠠ ᠶᠣᠰᠣᠭᠠᠷ᠂ ᠬᠢᠨᠠᠨ ᠬᠠᠮᠢᠶᠠᠷᠬᠤ ᠨᠢᠭᠡᠳᠦᠯᠲᠡᠶ ᠳ᠋ᠠᠶᠢᠲ᠋ᠠ ᠶᠢᠨ ᠬᠥᠮᠥᠷᠭᠡ ᠶᠢ ᠲᠦᠷᠭᠡᠨ ᠪᠤᠢ ᠪᠣᠯᠭᠠᠵᠤ᠂ ᠡᠯ᠎ᠡ ᠰᠠᠯᠠᠭ᠎ᠠ ᠮᠥᠴᠢᠷ ᠤᠳ ᠠᠵᠤ ᠠᠬᠤᠶᠢᠯᠠᠯ ᠳᠤ ᠬᠤᠯᠪᠣᠭᠳᠠᠬᠤ ᠮᠡᠳᠡᠭᠡ ᠵᠠᠩᠭᠢ ᠶᠢ ᠵᠣᠬᠢᠬᠤ ᠴᠠᠭ ᠲᠤᠨᠢ ᠰᠣᠯᠢᠯᠴᠠᠬᠤ ᠪᠠ ᠬᠠᠷᠰᠢ ᠰᠠᠭᠠᠳ ᠦᠭᠡᠢ ᠪᠠᠷ ᠬᠠᠮᠲᠤ ᠪᠠᠷ ᠬᠦᠷᠲᠡᠬᠦ ᠶᠢ ᠪᠡᠶᠡᠯᠡᠭᠦᠯᠦᠨ᠎ᠡ︔ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠠᠵᠤ ᠠᠬᠤᠶᠢᠯᠠᠯ ᠳᠤ ᠬᠤᠯᠪᠣᠭᠳᠠᠬᠤ ᠮᠡᠳᠡᠭᠡ ᠵᠠᠩᠭᠢ ᠶᠢ ᠬᠤᠷᠢᠶᠠᠨ ᠴᠤᠭᠯᠠᠭᠤᠯᠬᠤ ᠶᠢ ᠲᠦᠷᠭᠡᠨ ᠠᠬᠢᠭᠤᠯᠬᠤ ᠶᠢᠨ ᠬᠠᠮᠲᠤ ᠤᠯᠤᠰ ᠤᠨ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢ ᠢᠯᠡ ᠨᠡᠶᠢᠲᠡᠯᠡᠬᠦ ᠰᠢᠰᠲ᠋ᠧᠮ ᠢᠶᠠᠷ ᠳᠠᠮᠵᠢᠭᠤᠯᠤᠨ ᠠᠵᠤ ᠠᠬᠤᠶᠢᠯᠠᠯ ᠤᠨ ᠨᠡᠷ᠎ᠡ ᠳᠡᠭᠡᠷ᠎ᠡ ᠲᠡᠮᠳᠡᠭᠯᠡᠨ᠎ᠡ︔ ︽ᠬᠤᠶᠠᠷ ᠢ ᠲᠠᠰᠢᠷᠠᠮ ᠢᠶᠠᠷ ᠰᠤᠭᠤᠴᠢᠵᠤ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠰᠠᠯᠠᠭ᠎ᠠ ᠮᠥᠴᠢᠷ ᠠᠯᠤᠰᠯᠠᠭᠰᠠᠨ ︽ᠬᠤᠶᠠᠷ ᠢ ᠲᠠᠰᠢᠷᠠᠮ ᠢᠶᠠᠷ ᠰᠤᠭᠤᠴᠢᠬᠤ︾ ᠬᠠᠮᠲᠤᠷᠠᠭᠰᠠᠨ ᠰᠤᠭᠤᠴᠢᠨ ᠪᠠᠶᠢᠴᠠᠭᠠᠯᠲᠠ ᠶᠢ ᠰᠦᠪᠡᠭᠴᠢᠯᠡᠨ ᠠᠬᠢᠭᠤᠯᠵᠤ ᠠᠵᠤ ᠠᠬᠤᠶᠢᠯᠠᠯ ᠢ ᠳᠠᠪᠲᠠᠨ ᠪᠠᠶᠢᠴᠠᠭᠠᠬᠤ᠂ ᠤᠯᠠᠨ ᠲᠠᠯ᠎ᠠ ᠠᠴᠠ ᠪᠠᠶᠢᠴᠠᠭᠠᠬᠤ ᠶᠢ ᠪᠠᠭᠠᠰᠬᠠᠨ᠎ᠠ︔  ᠰᠠᠯᠠᠭ᠎ᠠ ᠮᠥᠴᠢᠷ ᠤᠳ ᠬᠤᠯᠪᠣᠭᠠᠯᠠᠨ ᠵᠠᠯᠬᠠᠭᠠᠨ ᠴᠡᠭᠡᠷᠯᠡᠭᠦᠯᠬᠦ ᠲᠣᠭᠲᠠᠴᠠ ᠪᠠᠶᠢᠭᠤᠯᠬᠤ ᠶᠢ ᠠᠬᠢᠭᠤᠯᠤᠨ᠂ ᠰᠠᠯᠠᠭ᠎ᠠ ᠮᠥᠴᠢᠷ ᠠᠯᠤᠰᠯᠠᠭᠰᠠᠨ᠂ ᠣᠷᠣᠨ ᠪᠦᠰᠡ ᠠᠯᠤᠰᠯᠠᠭᠰᠠᠨ᠂ ᠱᠠᠲᠤ ᠲᠠᠰ ᠠᠯᠤᠰᠯᠠᠭᠰᠠᠨ ᠢᠲᠡᠭᠡᠮᠵᠢ ᠶᠢᠨ ᠬᠤᠯᠪᠣᠭᠠᠯᠠᠨ ᠵᠠᠯᠬᠠᠭᠠᠨ ᠴᠡᠭᠡᠷᠯᠡᠭᠦᠯᠬᠦ ᠪᠠ ᠢᠲᠡᠭᠡᠮᠵᠢ ᠶᠢ ᠬᠢᠨᠠᠨ ᠬᠠᠮᠢᠶᠠᠷᠬᠤ ᠶᠠᠪᠤᠳᠠᠯ ᠢ ᠲᠦᠷᠥᠯ ᠬᠤᠪᠢᠶᠠᠨ ᠱᠠᠲᠤ ᠬᠤᠪᠢᠶᠠᠨ ᠦᠷᠨᠢᠭᠦᠯᠦᠨ᠎ᠡ︔ ︽ᠤᠷᠢᠳᠠᠪᠠᠷ ᠡᠵᠡᠩᠨᠡᠯᠲᠡ ᠶᠢᠨ ᠦᠨᠡᠮᠯᠡᠯ ᠣᠯᠵᠤ ᠳᠠᠷᠠᠭ᠎ᠠ ᠨᠢ ᠵᠥᠪᠰᠢᠶᠡᠷᠡᠯ ᠤᠨ ᠦᠨᠡᠮᠯᠡᠯ ᠠᠪᠬᠤ︾ ᠥᠭᠡᠷᠡᠴᠢᠯᠡᠯᠲᠡ ᠶᠢ ᠥᠷᠭᠦᠯᠵᠢᠯᠡᠨ ᠭᠦᠨᠵᠡᠭᠡᠶᠢᠷᠡᠭᠦᠯᠵᠦ᠂ ᠪᠦᠬᠦ ᠣᠷᠣᠨ ᠤ ᠠᠵᠤ ᠠᠬᠤᠶᠢᠯᠠᠯ ᠤᠨ ᠳᠠᠩᠰᠠᠯᠠᠯᠲᠠ ᠶᠢᠨ ᠮᠡᠳᠡᠭᠡ ᠵᠠᠩᠭᠢ ᠶᠢ ︽ᠬᠤᠣᠰ ᠮᠡᠳᠡᠭᠳᠡᠬᠦ︾ ᠠᠵᠢᠯ ᠢ ᠤᠯᠠᠮ ᠨᠢᠭᠡ ᠠᠯᠬᠤᠮ ᠪᠦᠷᠢᠨᠰᠢᠭᠦᠯᠦᠨ᠎ᠡ᠃      ᠭᠤᠷᠪᠠ ᠳᠤ ᠦᠢᠯᠡᠴᠢᠯᠡᠭᠡ ᠶᠢ ᠰᠢᠯᠢᠳᠡᠭᠵᠢᠭᠦᠯᠬᠦ ᠶᠢ ᠤᠯᠠᠮ ᠨᠢᠭᠡ ᠠᠯᠬᠤᠮ ᠰᠠᠶᠢᠲᠤᠷ ᠠᠳᠬᠤᠨ᠎ᠠ᠃ ᠲᠠᠸᠠᠷ ᠤᠨ ᠲᠡᠮᠳᠡᠭ ᠨᠠᠷᠠᠲᠤ ᠲᠥᠷᠥᠯ ᠲᠡᠮᠳᠡᠭᠲᠦ ᠪᠣᠯᠣᠨ ᠵᠡᠷ ᠮᠡᠳᠡᠭᠡᠨ ᠤ ᠪᠠᠶᠢᠯᠳᠤᠬᠤ ᠪᠤᠳᠤᠯᠭ᠎ᠠ ᠶᠢᠨ ᠭᠦᠨᠵᠡᠭᠡᠢ ᠬᠡᠷᠡᠭᠵᠢᠭᠦᠯᠦᠯᠲᠡ ᠶᠢ ᠲᠦᠯᠬᠢᠨ ᠠᠬᠢᠭᠤᠯᠤᠨ᠎ᠠ︔ ︽ᠵᠢᠵᠢᠭ ᠪᠢᠴᠢᠯ ᠠᠵᠤ ᠠᠬᠤᠶᠢᠯᠠᠯ ᠤᠨ ᠨᠡᠷᠡᠰ ᠤᠨ ᠲᠡᠮᠳᠡᠭᠯᠡᠯ︾᠎ ᠤᠨ ᠴᠢᠳᠠᠪᠬᠢ ᠶᠢ ᠥᠷᠭᠡᠳᠬᠡᠨ ᠪᠦᠷᠢᠨᠰᠢᠭᠦᠯᠵᠦ᠂ ᠵᠢᠵᠢᠭ ᠪᠢᠴᠢᠯ ᠠᠵᠤ ᠠᠬᠤᠶᠢᠯᠠᠯ ‍ᠦᠨ‌‍ᠬᠥ᠋ᠭᠵᠢᠯᠲᠡ ᠶᠢᠨ ᠠᠬᠢᠯᠲᠠ ᠶᠢ ᠳᠡᠮᠵᠢᠬᠦ ᠲᠦᠷᠦ ᠶᠢᠨ ᠪᠤᠳᠤᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠤᠯᠠᠮ ᠨᠢᠭᠡ ᠠᠯᠬᠤᠮ ᠲᠦᠯᠬᠢᠨ ᠠᠬᠢᠭᠤᠯᠵᠤ᠂ ᠰᠲ᠋ᠣᠺ ᠤᠨ ᠡᠷᠬᠡ᠂ ᠲᠠᠸᠠᠷ ᠤᠨ ᠲᠡᠮᠳᠡᠭᠲᠦ ᠶᠢᠨ ᠲᠤᠰᠬᠠᠶ ᠡᠷᠬᠡ ᠪᠠᠨ ᠳᠠᠨᠵᠢᠯᠠᠵᠤ ᠪᠡᠯᠡ ᠲᠣᠬᠢᠷᠠᠭᠤᠯᠤᠯᠭ᠎ᠠ ᠶᠢᠨ ᠵᠢᠭᠡᠯᠡᠯᠭᠡ ᠠᠪᠬᠤ ᠵᠢᠴᠢ ᠤᠶᠤᠲᠠᠳ ᠤᠨ ᠠᠵᠢᠯ ᠣᠯᠭᠤᠯᠲᠠ ᠶᠢ ᠠᠬᠢᠭᠤᠯᠬᠤ᠂ ᠠᠳᠠᠯ ᠦᠢᠯᠡᠰ ᠴᠣᠭᠴᠠᠯᠠᠬᠤ ᠵᠡᠷᠭᠡ ᠲᠠᠯ᠎ᠠ ᠪᠠᠷ ᠬᠢ ᠠᠵᠢᠯ ᠤᠨ ᠡᠷᠴᠢᠮ ᠢᠶᠠᠨ ᠴᠢᠩᠭᠠᠷᠠᠭᠤᠯᠤᠨ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶ ᠢᠯᠠᠩᠭᠤᠶ᠎ᠠ ᠵᠢᠵᠢᠭ ᠪᠢᠴᠢᠯ ᠠᠵᠤ ᠠᠬᠤᠶᠢᠯᠠᠯ ᠤᠨ ᠬᠥᠭᠵᠢᠯᠲᠡ ᠶᠢ ᠲᠦᠯᠬᠢᠨ ᠠᠬᠢᠭᠤᠯᠤᠨ᠎ᠠ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号