ᠮᠠᠨ ᠤ ᠣᠷᠣᠨ ᠴᠠᠬᠢᠯᠭᠠᠨ ᠬᠦᠴᠦᠨ ᠢ ᠵᠠᠬ᠎ᠠ ᠳᠡᠯᠭᠡᠭᠦᠷᠴᠢᠯᠡᠬᠦ ᠥᠭᠡᠷᠡᠴᠢᠯᠡᠯᠲᠡ ᠶᠢ ᠦᠷᠭᠦᠯᠵᠢᠯᠡᠨ ᠲᠦᠯᠬᠢᠨ ᠠᠬᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2017/7/12
     ᠮᠠᠨ ᠤ ᠣᠷᠣᠨ ᠴᠠᠬᠢᠯᠭᠠᠨ ᠬᠦᠴᠦᠨ ᠢ ᠵᠠᠬ᠎ᠠ ᠳᠡᠯᠭᠡᠭᠦᠷᠴᠢᠯᠡᠬᠦ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ᠂ ᠴᠠᠬᠢᠯᠭᠠᠨ ᠬᠦᠴᠦᠨ ᠢ ᠣᠯᠠᠨ ᠲᠠᠯ᠎ᠠ ᠪᠠᠷ ᠠᠷᠠᠯᠵᠢᠶᠠᠯᠠᠬᠤ᠂ ᠲᠤᠮᠤ ᠬᠡᠷᠡᠭᠯᠡᠬᠦ ᠡᠷᠦᠬᠡ ᠳᠤ ᠰᠢᠭᠤᠳ ᠬᠠᠩᠭᠠᠬᠤ ᠵᠡᠷᠭᠡ ᠠᠷᠭ᠎ᠠ ᠬᠡᠮᠵᠢᠶ᠎ᠡ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠴᠠᠬᠢᠯᠭᠠᠨ ᠤ ᠦᠨ᠎ᠡ ᠳᠤᠤᠷ᠎ᠠ ᠪᠠᠶᠢᠳᠠᠭ ᠳᠠᠪᠠᠭᠤᠯᠢᠭ ᠢ ᠤᠯᠠᠮ ᠨᠢᠭᠡ ᠠᠯᠬᠤᠮ ᠴᠢᠩᠭᠠᠷᠠᠭᠤᠯᠵᠤ᠂ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠬᠡᠷᠡᠭᠯᠡᠬᠦ ᠴᠠᠬᠢᠯᠭᠠᠨ ᠤ ᠦᠨ᠎ᠡ ᠶᠢ ᠬᠠᠮᠤᠭ ᠤᠨ ᠳᠤᠤᠷ᠎ᠠ ᠳᠠᠭᠠᠨ ᠭᠷᠠᠳᠦ᠋ᠰ ᠪᠦᠷᠢ 0.26 ᠲᠥᠭᠦᠷᠢᠭ ᠪᠤᠯᠲᠠᠯ᠎ᠠ ᠪᠠᠭᠤᠷᠠᠭᠤᠯᠵᠤ᠂ ᠲᠤᠮᠤ ᠠᠵᠤ ᠦᠢᠯᠡᠳᠪᠦᠷᠢ ᠶᠢᠨ ᠴᠠᠬᠢᠯᠭᠠᠨ ᠬᠡᠷᠡᠭᠯᠡᠯᠲᠡ ᠶᠢ ᠭᠷᠠᠳᠦ᠋ᠰ ᠪᠦᠷᠢ ᠳᠤᠮᠳᠠᠴᠢ ᠪᠠᠷ 0.32 ᠲᠥᠭᠦᠷᠢᠭ ᠪᠤᠯᠭᠠᠵᠤ᠂ ᠪᠦᠬᠦ ᠤᠯᠤᠰ ᠤᠨ ᠬᠠᠮᠤᠭ ᠤᠨ ᠳᠣᠣᠷ᠎ᠠ ᠬᠡᠮᠵᠢᠶᠡᠨ ᠳᠤ ᠪᠠᠶᠢᠯᠭᠠᠨ᠎ᠠ᠃ ᠴᠠᠬᠢᠯᠭᠠᠨ ᠤ ᠦᠨ᠎ᠡ ᠳᠤᠤᠷ᠎ᠠ ᠪᠠᠶᠢᠬᠤ ᠨᠢ ᠳᠠᠪᠠᠭᠤᠯᠢᠭ ᠤᠨᠴᠠᠯᠢᠭᠳᠤ ᠪᠦᠲᠦᠭᠡᠭᠳᠡᠬᠦᠨ ᠤ ᠵᠠᠬ᠎ᠠ ᠳᠡᠯᠭᠡᠭᠦᠷ ᠲᠠᠬᠢ ᠥᠷᠢᠰᠥᠯᠳᠦᠬᠦ ᠬᠦᠴᠦᠨ ᠢ ᠳᠡᠭᠡᠭᠰᠢᠯᠡᠭᠦᠯᠵᠦ᠂ ᠬᠠᠳᠠᠭᠠᠯᠠᠯᠲᠠ ᠶᠢᠨ ᠠᠵᠤ ᠠᠬᠤᠶᠢᠯᠠᠯ ᠢ ᠲᠣᠭᠲᠠᠪᠤᠷᠢᠵᠢᠭᠤᠯᠵᠤ᠂ ᠠᠵᠤ ᠦᠢᠯᠡᠳᠪᠦᠷᠢ ᠶᠢᠨ ᠠᠵᠤ ᠠᠬᠤᠶ ᠶᠢᠨ ᠨᠡᠮᠡᠭᠳᠡᠯ ᠢ ᠲᠣᠭᠲᠠᠪᠤᠷᠢᠵᠢᠭᠤᠯᠬᠤ ᠳᠤ ᠲᠦᠢᠯ ᠤᠨ ᠴᠢᠬᠤᠯᠠ ᠦᠢᠯᠡᠳᠦᠯ ᠦᠵᠡᠭᠦᠯᠦᠭᠰᠡᠨ ᠪᠠᠶᠢᠨ᠎ᠠ᠃ ᠣᠳᠣᠬᠠᠨ ᠪᠣᠯᠲᠠᠯ᠎ᠠ᠂ ᠪᠦᠬᠦ ᠣᠷᠣᠨ ᠤ ᠴᠠᠬᠢᠯᠭᠠᠨ ᠢᠶᠠᠷ ᠠᠷᠠᠯᠵᠢᠶᠠᠴᠢᠨ ᠤᠷᠢᠵᠤ ᠲᠡᠮᠦᠷᠯᠢᠭ ᠪᠣᠯᠪᠠᠰᠤᠷᠠᠭᠤᠯᠬᠤ᠂ ᠬᠢᠮᠢ ᠶᠢᠨ ᠠᠵᠤ ᠦᠢᠯᠡᠳᠪᠦᠷᠢ ᠶᠢᠨ ᠳᠠᠪᠠᠭᠤᠯᠢᠭ ᠤᠨᠴᠠᠯᠢᠭᠲᠤ ᠠᠵᠤ ᠦᠢᠯᠡᠰ ᠪᠣᠯᠤᠨ ᠰᠢᠨ᠎ᠡ ᠡᠳ᠋ ᠮᠠᠲ᠋ᠧᠷᠢᠶᠠᠯ᠂ ᠲᠣᠨᠣᠭᠯᠠᠯ ᠦᠢᠯᠡᠳᠬᠦ ᠵᠡᠷᠭᠡ ᠪᠠᠶᠢᠯᠳᠤᠬᠤ ᠪᠤᠳᠤᠯᠭ᠎ᠠ ᠶᠢᠨ ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠲᠦᠷᠦᠯ ᠵᠦᠢᠯ ᠨᠡᠶᠢᠲᠡ 230 ᠭᠠᠷᠤᠶ ᠪᠠᠶᠢᠨ᠎ᠠ᠂ ᠡᠭᠦᠨ ᠳᠤ ᠪᠠᠶᠢᠭᠤᠯᠵᠤ ᠪᠠᠶᠢᠭ᠎ᠠ ᠲᠦᠷᠦᠯ ᠵᠦᠢᠯ 150 ᠪᠠᠶᠢᠨ᠎ᠠ᠂ ᠡᠳᠡᠭᠡᠷ ᠲᠦᠷᠦᠯ ᠵᠦᠢᠯ ᠢ 2020 ᠣᠨ ᠤ ᠤᠷᠢᠳ ᠬᠤᠵᠢᠳ ᠢᠶᠠᠷ ᠠᠰᠢᠭᠯᠠᠯᠲᠠ ᠳᠤ ᠣᠷᠣᠭᠤᠯᠵᠤ᠂ ᠦᠢᠯᠡᠳᠬᠦᠨ ᠤ ᠥᠷᠲᠡᠭ ᠢ 3000 ᠳ᠋ᠦᠩᠰᠢᠭᠤᠷ ᠲᠥᠭᠦᠷᠢᠭ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠵᠦ᠂ ᠢᠯᠴᠢ ᠶᠢᠨ ᠴᠠᠬᠢᠯᠭᠠᠨ ᠤ ᠮᠠᠰᠢᠨ ᠴᠣᠭᠴᠠᠯᠠᠪᠤᠷᠢ ᠶᠢ 2000 ᠲᠦᠮᠡᠨ ᠺᠢᠯᠣᠸᠠᠲ ᠠᠴᠠ ᠳᠡᠭᠡᠭᠰᠢ ᠰᠢᠩᠭᠡᠭᠡᠬᠦ ᠪᠤᠯᠤᠨ᠎ᠠ᠃      ᠴᠠᠬᠢᠯᠭᠠᠨ ᠤ ᠦᠨ᠎ᠡ ᠳᠤᠤᠷ᠎ᠠ ᠪᠠᠶᠢᠬᠤ ᠨᠢ ᠥᠨᠳᠥᠷ ᠡᠨᠧᠷᠭᠢ ᠪᠦᠭᠦᠢ ᠪᠠᠶᠢᠯᠳᠤᠬᠤ ᠪᠤᠳᠤᠯᠭ᠎ᠠ ᠶᠢᠨ ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ ᠦᠢᠯᠡᠰ ᠢ ᠲᠠᠲᠠᠨ ᠮᠠᠨ ᠤ ᠤᠷᠤᠨ ᠳᠤ ᠰᠢᠯᠵᠢᠭᠦᠯᠦᠨ ᠲᠦᠪᠯᠡᠷᠡᠭᠦᠯᠵᠦ᠂ ᠣᠳᠣᠬᠠᠨ ᠳᠤ ᠴᠠᠬᠢᠯᠭᠠᠨ ᠢᠶᠠᠷ ᠠᠷᠠᠯᠵᠢᠶᠠᠴᠢᠨ ᠤᠷᠢᠭᠰᠠᠨ ︽ᠲᠤᠯᠦᠭᠠᠠ ᠦᠢᠯᠡᠰ︾᠎ ᠤᠨ ᠲᠦᠷᠦᠯ ᠵᠦᠢᠯ 153 ᠪᠠᠶᠢᠨ᠎ᠠ᠂ ᠡᠭᠦᠨ ᠳᠤ᠂ 10 ᠲᠦᠮᠡᠨ ᠲᠣᠨ ᠤᠯᠠᠨ ᠲᠠᠯᠠᠰᠲᠤ ᠴᠠᠬᠢᠭᠤᠷ᠂ ᠳᠠᠩ ᠲᠠᠯᠠᠰᠲᠤ ᠴᠠᠬᠢᠭᠤᠷ ᠵᠢᠴᠢ ᠲᠤᠤᠷᠡᠳᠦ ᠤᠷᠤᠰᠬᠠᠯ ᠤᠨ ᠦᠷᠭᠦᠯᠵᠢᠯᠡᠯ ᠢᠵᠢ ᠪᠦᠷᠢᠳᠦᠭᠦᠯᠦᠯᠲᠡ 10 ᠲᠦᠮᠡᠨ ᠲᠣᠨ ᠳᠤ ᠬᠦᠷᠴᠦ᠂ ᠠᠰᠢᠭᠯᠠᠯᠲᠠ ᠳᠤ ᠣᠷᠣᠭᠤᠯᠤᠭᠰᠠᠨ ᠤ ᠬᠤᠶᠢᠨ᠎ᠠ ᠶᠡᠷᠦᠩᠬᠡᠶ ᠦᠢᠯᠡᠳᠪᠦᠷᠢᠯᠡᠬᠦ ᠴᠢᠳᠠᠪᠤᠷᠢ ᠨᠢ ᠪᠦᠬᠦ ᠤᠯᠤᠰ ᠤᠨ 63%᠂ 70%᠎ ᠶᠢ ᠡᠵᠡᠯᠡᠬᠦ ᠪᠤᠯᠤᠨ᠎ᠠ᠃ ᠲᠤᠬᠠᠢ ᠶᠢᠨ ᠦᠶ᠎ᠡ ᠳᠤ᠂ ᠮᠠᠨ ᠤ ᠣᠷᠣᠨ ᠤ ᠡᠨᠧᠷᠭᠢ ᠶᠢᠨ ᠰᠤᠷᠪᠤᠯᠵᠢ ᠡᠬᠢ ᠪᠠᠶᠠᠯᠢᠭ ᠬᠤᠷᠠᠭᠰᠠᠨ ᠬᠡᠯᠪᠡᠷᠢ ᠶᠢᠨ ᠠᠵᠤ ᠦᠢᠯᠡᠰ ᠤᠨ ᠲᠥᠪᠯᠡᠷᠡᠯ ᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠭᠦᠯᠦᠭᠰᠡᠨ ᠬᠡᠪᠴᠢᠶᠡᠲᠦ ᠦᠢᠯᠡᠳᠦᠯ ᠭᠦᠢᠴᠡᠳ ᠢᠯᠡᠷᠡᠵᠦ᠂ ᠠᠵᠤ ᠦᠢᠯᠡᠳᠪᠦᠷᠢ ᠶᠢᠨ ︽ᠲᠠᠪᠤᠨ ᠶᠡᠭᠡ ᠰᠠᠭᠤᠷᠢᠨ ᠭᠠᠵᠠᠷ︾᠎ ᠤᠨ ᠪᠦᠲᠦᠭᠡᠨ ᠪᠠᠶᠢᠭᠤᠯᠤᠯᠲᠠ ᠰᠢᠨ᠎ᠡ ᠳᠡᠭᠲᠡᠷ ᠲᠤ ᠭᠠᠷᠬᠤ ᠪᠤᠯᠤᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号