ᠯᠢᠨ ᠾᠧ ᠲᠤᠭᠤᠷᠢᠭ ︽ᠭᠤᠷᠪᠠᠨ ᠲᠦᠷᠦᠯ ᠤᠨ ᠨᠦᠬᠦᠪᠦᠷᠢ︾ ᠲᠠᠷᠬᠠᠭᠠᠨ 18 ᠲᠦᠮᠡᠨ ᠲᠠᠷᠢᠶᠠᠴᠢᠨ ᠳᠤ ᠠᠰᠢᠭ ᠬᠦᠷᠲᠡᠭᠡᠯ᠎ᠠ
ᠨᠡᠶᠢᠲᠡᠯᠡᠭᠰᠡᠨ ᠴᠠᠭ᠄
2017/7/12
      ᠵᠢᠯ ᠤᠨ ᠡᠬᠢᠨ ᠠᠴᠠ ᠨᠠᠰᠢ 6 ᠳ᠋ᠤᠭᠠᠷ ᠰᠠᠷ᠎ᠠ ᠶᠢᠨ 30᠎ ᠤ ᠡᠳᠦᠷ ᠪᠤᠯᠲᠠᠯ᠎ᠠ᠂ ᠯᠢᠨ ᠾᠧ ᠲᠤᠭᠤᠷᠢᠭ 6.6 ᠲᠦᠮᠡᠨ ᠲᠠᠷᠢᠶᠠᠯᠠᠬᠤ ᠡᠷᠦᠬᠡ ᠳᠤ 8709.7 ᠲᠦᠮᠡᠨ ᠲᠦᠭᠦᠷᠢᠭ ᠤᠨ ᠲᠠᠷᠢᠶᠠᠯᠠᠩ ᠤᠨ ︽ᠭᠤᠷᠪᠠᠨ ᠲᠦᠷᠦᠯ ᠎ ᠤᠨ ᠨᠦᠬᠦᠪᠦᠷᠢ︾ ᠲᠠᠷᠬᠠᠭᠠᠨ 18 ᠲᠦᠮᠡᠨ ᠲᠠᠷᠢᠶᠠᠴᠢᠨ ᠳᠤ ᠠᠰᠢᠭ ᠬᠦᠷᠲᠡᠭᠡᠵᠠᠢ᠃      ᠲᠤᠰ ᠲᠤᠭᠤᠷᠢᠭ ᠤᠨ ᠲᠠᠷᠢᠶᠠᠯᠠᠩ ᠤᠨ ︽ᠭᠤᠷᠪᠠᠨ ᠲᠦᠷᠦᠯ ᠤᠨ ᠨᠦᠬᠦᠪᠤᠷᠢ︾᠎ ᠶᠢ ᠲᠠᠷᠬᠠᠭᠠᠭᠰᠠᠨ ᠨᠤᠷᠮ᠎ᠠ 100%᠎ ᠳᠤ ᠬᠦᠷᠴᠦ᠂ ᠡᠨᠡ ᠵᠢᠯ ᠤᠨ ᠠᠵᠢᠯ ᠢᠶᠠᠨ ᠪᠦᠬᠦᠨ ᠢ ᠲᠠᠭᠤᠰᠬᠠᠪᠠ᠃ ᠯᠢᠨ ᠾᠧ ᠲᠤᠭᠤᠷᠢᠭ ᠪᠠᠰᠠ 2017 ᠣᠨ ᠤ ᠨᠢᠭᠡᠳᠦᠭᠡᠷ ᠪᠦᠯᠦᠭ ᠤᠨ ᠲᠠᠷᠢᠶᠠᠯᠠᠩ ᠤᠨ ᠮᠠᠰᠢᠨ ᠲᠦᠬᠦᠬᠡᠷᠦᠮᠵᠢ ᠬᠤᠳᠠᠯᠳᠤᠨ ᠠᠪᠬᠤ ᠨᠦᠬᠦᠪᠦᠷᠢ ᠶᠢ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠢᠨᠠᠯᠲᠠ ᠶᠢ ᠦᠩᠭᠡᠷᠡᠭᠡᠭᠰᠡᠨ ᠤ ᠲᠠᠷᠠᠭ᠎ᠠ᠂ 1333.476 ᠲᠦᠮᠡᠨ ᠲᠦᠭᠦᠷᠢᠭ ᠤᠨ ᠲᠠᠷᠢᠶᠠᠯᠠᠩ ᠤᠨ ᠮᠠᠰᠢᠨ ᠲᠦᠬᠦᠬᠡᠷᠦᠮᠵᠢ ᠬᠤᠳᠠᠯᠳᠤᠨ ᠠᠪᠬᠤ ᠨᠦᠬᠦᠪᠦᠷᠢ ᠶᠢᠨ ᠲᠤᠰᠬᠠᠢ ᠪᠡᠯᠡ ᠮᠦᠩᠬᠦ ᠶᠢ ᠲᠠᠷᠬᠠᠭᠠᠬᠤ ᠪᠤᠯᠤᠨ᠎ᠠ᠃ ᠲᠤᠰ ᠨᠦᠬᠦᠪᠦᠷᠢ ᠨᠢ 7 ᠰᠢᠶᠠᠩ ᠪᠠᠯᠭᠠᠰᠤ᠂ 2 ᠲᠠᠷᠢᠶᠠᠯᠠᠩ ᠤᠨ ᠲᠠᠯᠠᠪᠠᠢ ᠶᠢ ᠬᠠᠮᠤᠷᠴᠤ᠂ 1356 ᠲᠠᠷᠢᠶᠠᠯᠠᠬᠤ ᠡᠷᠦᠬᠡ ᠨᠡᠶᠢᠳᠡ 1389 ᠰᠠᠤᠷᠢ ᠮᠠᠯ ᠠᠵᠤ ᠠᠬᠤᠢ ᠲᠠᠷᠢᠶᠠᠯᠠᠩ ᠎ ᠤᠨ ᠮᠠᠰᠢᠨ ᠲᠦᠬᠦᠬᠡᠷᠦᠮᠵᠢ ᠬᠤᠳᠠᠯᠳᠤᠨ ᠠᠪᠤᠭᠠᠳ ᠲᠠᠷᠢᠶᠠᠯᠠᠩ ᠤᠨ ᠮᠠᠰᠢᠨ ᠲᠦᠬᠦᠬᠡᠷᠦᠮᠵᠢ ᠬᠤᠳᠠᠯᠳᠤᠨ ᠠᠪᠬᠤ ᠨᠦᠬᠦᠪᠦᠷᠢ ᠭᠤᠶᠤᠴᠢᠯᠠᠭᠰᠠᠨ ᠪᠠᠶᠢᠨ᠎ᠠ᠃ ᠤᠶᠢᠯᠠᠭᠠᠭᠰᠠᠨ ᠢᠶᠠᠷ᠂ ᠡᠨᠡᠬᠦ ᠨᠦᠬᠦᠪᠦᠷᠢ ᠶᠢ ᠴᠦᠮ ︽ᠪᠦᠷᠢᠨ ᠴᠢᠳᠠᠮᠵᠢᠲᠤ ᠺᠠᠷᠲ︾᠎ ᠢᠶᠠᠷ ᠲᠠᠷᠢᠶᠠᠴᠢᠳ ᠲᠤ ᠲᠠᠷᠬᠠᠭᠠᠬᠤ ᠪᠤᠯᠤᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号