ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠡᠭᠡ ᠳᠡᠭᠡᠳᠦ ᠰᠤᠷᠭᠠᠭᠤᠯᠢ ᠶᠢᠨ ᠰᠤᠷᠤᠭᠴᠢ ᠡᠯᠰᠡᠬᠦ ᠰᠢᠯᠭᠠᠯᠲᠠ ᠳᠤ ᠵᠢᠩᠬᠢᠨᠢ ᠠᠩᠭᠢ ᠶᠢᠨ ᠡᠩ ᠤᠨ ᠲᠥᠷᠥᠯ ᠤᠨ ᠨᠢᠭᠡᠳᠦᠭᠡᠷ ᠪᠦᠯᠦᠭ 7 ᠳ᠋ᠤᠭᠠᠷ ᠰᠠᠷ᠎ᠠ ᠶᠢᠨ 13᠎ ᠤ ᠡᠳᠦᠷ ᠰᠦᠯᠵᠢᠶᠡᠨ ᠳᠡᠭᠡᠷ᠎ᠡ ᠡᠷᠡᠮᠡᠯᠵᠡᠯ ᠲᠠᠭᠯᠠᠨ᠎ᠠ
ᠨᠡᠶᠢᠲᠡᠯᠡᠭᠰᠡᠨ ᠴᠠᠭ᠄
2017/7/13
     2017 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠩ ᠤᠨ ᠶᠡᠭᠡ ᠳᠡᠭᠡᠳᠦ ᠰᠤᠷᠭᠠᠭᠤᠯᠢ ᠶᠢᠨ ᠵᠢᠩᠬᠢᠨᠢ ᠠᠩᠭᠢ ᠶᠢᠨ ᠡᠩ ᠤᠨ ᠨᠡᠶᠢᠭᠡᠮ ᠤᠨ ᠰᠢᠨᠵᠢᠯᠡᠬᠦ ᠤᠬᠠᠭᠠᠨ᠂ ᠡᠩ ᠤᠨ ᠪᠠᠶᠢᠭᠠᠯᠢ ᠶᠢᠨ ᠰᠢᠨᠵᠢᠯᠡᠬᠦ ᠤᠬᠠᠭᠠᠨ᠂ ᠮᠣᠩᠭᠤᠯ ᠢᠶᠠᠷ ᠬᠢᠴᠢᠶᠡᠯᠯᠡᠬᠦ ᠨᠡᠶᠢᠭᠡᠮ ᠤᠨ ᠰᠢᠨᠵᠢᠯᠡᠬᠦ ᠤᠬᠠᠭᠠᠨ᠂ ᠮᠣᠩᠭᠤᠯ ᠢᠶᠠᠷ ᠬᠢᠴᠢᠶᠡᠯᠯᠡᠬᠦ ᠪᠠᠶᠢᠭᠠᠯᠢ ᠶᠢᠨ ᠰᠢᠨᠵᠢᠯᠡᠬᠦ ᠤᠬᠠᠭᠠᠨ ᠤ ᠲᠥᠷᠥᠯ ᠤᠨ ᠨᠢᠭᠡᠳᠦᠭᠡᠷ ᠪᠦᠯᠦᠭ 7 ᠳ᠋ᠤᠭᠠᠷ ᠰᠠᠷ᠎ᠠ ᠶᠢᠨ 13᠎ ᠤ ᠡᠳᠦᠷ ᠰᠦᠯᠵᠢᠶᠡᠨ ᠳᠡᠭᠡᠷ᠎ᠡ ᠡᠷᠡᠮᠡᠯᠵᠡᠯ ᠲᠠᠭᠯᠠᠨ᠎ᠠ᠃      ᠮᠠᠨ ᠤ ᠣᠷᠣᠨ ᠤ ᠰᠣᠷᠣᠭᠴᠢ ᠡᠯᠰᠡᠬᠦ ᠪᠦᠯᠦᠭ ᠤᠳᠠᠭ᠎ᠠ ᠶᠢᠨ ᠬᠤᠪᠢᠶᠠᠷᠢᠯᠠᠯ ᠶᠣᠰᠣᠭᠠᠷ᠂ ᠵᠢᠩᠬᠢᠨᠢ ᠠᠩᠭᠢ ᠶᠢᠨ ᠨᠢᠭᠡᠳᠦᠭᠡᠷ ᠪᠦᠯᠦᠭ ᠲᠤ ︽211︾ ᠶᠡᠭᠡ ᠰᠤᠷᠭᠠᠭᠤᠯᠢ ᠪᠠ ᠰᠤᠷᠤᠭᠴᠢ ᠶᠢᠨ ᠢᠷᠡᠯᠲᠡ ᠪᠠᠷ ᠨᠡᠯᠢᠶᠡᠳ ᠰᠠᠶᠢᠨ ᠪᠦᠭᠡᠳ ᠮᠠᠨ ᠤ ᠣᠷᠣᠨ ᠳᠤ ᠭᠤᠶᠤᠴᠢᠯᠠᠨ ᠵᠥᠪᠰᠢᠶᠡᠷᠡᠭᠦᠯᠦᠭᠰᠡᠨ ᠡᠩ ᠤᠨ ᠶᠡᠭᠡ ᠳᠡᠭᠡᠳᠦ ᠰᠤᠷᠭᠠᠭᠤᠯᠢ᠂ ᠰᠤᠷᠤᠭᠴᠢ ᠡᠯᠰᠡᠬᠦ ᠰᠤᠷᠭᠠᠭᠤᠯᠢ ᠨᠡᠶᠢᠲᠡ 295 ᠪᠠᠶᠢᠨ᠎ᠠ᠃ 7 ᠳ᠋ᠤᠭᠠᠷ ᠰᠠᠷ᠎ᠠ ᠶᠢᠨ 16᠎ ᠤ ᠡᠳᠦᠷ᠂ ᠵᠢᠩᠬᠢᠨᠢ ᠠᠩᠭᠢ ᠶᠢᠨ ᠨᠢᠭᠡᠳᠦᠭᠡᠷ ᠪᠦᠯᠦᠭ ᠤᠨ ᠰᠤᠷᠤᠭᠴᠢ ᠡᠯᠰᠡᠬᠦ ᠲᠥᠯᠥᠪᠯᠡᠭᠡ ᠶᠢ ᠪᠦᠬᠦᠨ ᠢ ᠪᠡᠶᠡᠯᠡᠭᠦᠯᠦᠨ᠎ᠡ᠃        ᠰᠦᠯᠵᠢᠶᠡᠨ ᠳᠡᠭᠡᠷ᠎ᠡ ᠡᠷᠡᠮᠡᠯᠵᠡᠯ ᠲᠠᠭᠯᠠᠬᠤ ᠴᠠᠭ ᠪᠣᠯ 8᠄ 00 ᠴᠠᠭ ᠠᠴᠠ ᠡᠬᠢᠯᠡᠵᠦ ᠡᠷᠡᠮᠡᠯᠵᠡᠯ ᠲᠠᠭᠯᠠᠨ᠎ᠠ︔ 9᠄ 00 ᠴᠠᠭ ᠲᠤ ᠰᠦᠯᠵᠢᠶᠡᠨ ᠳᠡᠭᠡᠷ᠎ᠡ ᠡᠷᠡᠮᠡᠯᠵᠡᠯ ᠲᠠᠭᠯᠠᠭᠰᠠᠨ ᠲᠤᠭ᠎ᠠ ᠪᠦᠷᠢᠳᠬᠡᠯ ᠤᠨ ᠠᠩᠬᠠᠳᠠᠬᠢ ᠮᠡᠳᠡᠭᠡ ᠵᠠᠩᠭᠢ ᠶᠢ ᠨᠡᠶᠢᠲᠡᠯᠡᠨ᠎ᠡ︔ 10:00 ᠴᠠᠭ ᠠᠴᠠ ᠨᠢᠭᠡᠨᠲᠡ ᠡᠷᠡᠮᠡᠯᠵᠡᠯ ᠲᠠᠭᠯᠠᠭᠰᠠᠨ ᠰᠢᠯᠭᠠᠭᠤᠯᠤᠭᠴᠢ ᠡᠷᠡᠮᠡᠯᠵᠡᠯ ᠎ ᠢᠶᠠᠨ ᠬᠠᠰᠤᠵᠤ ᠪᠣᠯᠬᠤ ᠦᠭᠡᠢ︔ 10:30 ᠮᠢᠨᠦ᠋ᠲ ᠳᠤ ᠡᠷᠡᠮᠡᠯᠵᠡᠯ ᠲᠠᠭᠯᠠᠭᠰᠠᠨ ᠦᠭᠡᠢ ᠰᠢᠯᠭᠠᠭᠤᠯᠤᠭᠴᠢ ᠳᠠᠬᠢᠨ ᠡᠷᠡᠮᠡᠯᠵᠡᠯ ᠲᠠᠭᠯᠠᠵᠤ ᠪᠣᠯᠬᠤ ᠥᠬᠡᠶ᠂ ᠡᠷᠡᠮᠡᠯᠵᠡᠯ ᠲᠠᠭᠯᠠᠭᠰᠠᠨ ᠰᠢᠯᠭᠠᠭᠤᠯᠤᠭᠴᠢ ᠵᠥᠪᠬᠡᠨ ᠵᠠᠰᠠᠪᠤᠷᠢ ᠣᠷᠣᠭᠤᠯᠵᠤ ᠪᠣᠯᠣᠨ᠎ᠠ︔ 11:00 ᠴᠠᠭ ᠲᠤ᠂ 670 ᠬᠤᠪᠢ ᠠᠴᠠ ᠳᠡᠭᠡᠭᠰᠢ ᠰᠢᠯᠭᠠᠭᠤᠯᠤᠭᠴᠢ ᠶᠢᠨ ᠰᠦᠯᠵᠢᠶᠡᠨ ᠳᠡᠭᠡᠷ᠎ᠡ ᠡᠷᠡᠮᠡᠯᠵᠡᠯ ᠲᠠᠭᠯᠠᠬᠤ ᠠᠵᠢᠯ ᠳᠠᠭᠤᠰᠤᠨ᠎ᠠ︔ 12:00 ᠴᠠᠭ ᠲᠤ᠂ 640᠎ ᠠᠴᠠ 669 ᠬᠤᠪᠢ ᠰᠢᠯᠭᠠᠭᠤᠯᠤᠭᠴᠢ ᠶᠢᠨ ᠡᠷᠡᠮᠡᠯᠵᠡᠯ ᠲᠠᠭᠯᠠᠬᠤ ᠠᠵᠢᠯ ᠳᠠᠭᠤᠰᠤᠨ᠎ᠠ︔ 13:00 ᠴᠠᠭ ᠲᠤ᠂ 610᠎ ᠠᠴᠠ 639 ᠬᠤᠪᠢ ᠰᠢᠯᠭᠠᠭᠤᠯᠤᠭᠴᠢ ᠶᠢᠨ ᠡᠷᠡᠮᠡᠯᠵᠡᠯ ᠲᠠᠭᠯᠠᠬᠤ ᠠᠵᠢᠯ ᠳᠠᠭᠤᠰᠤᠨ᠎ᠠ︔ 14:00 ᠴᠠᠭ ᠲᠤ᠂ 580᠎ ᠠᠴᠠ 609 ᠬᠤᠪᠢ ᠰᠢᠯᠭᠠᠭᠤᠯᠤᠭᠴᠢ ᠶᠢᠨ ᠡᠷᠡᠮᠡᠯᠵᠡᠯ ᠲᠠᠭᠯᠠᠬᠤ ᠠᠵᠢᠯ ᠳᠠᠭᠤᠰᠤᠨ᠎ᠠ︔ 15:00 ᠴᠠᠭ ᠎ ᠲᠤ 550᠎ ᠠᠴᠠ 579 ᠬᠤᠪᠢ ᠰᠢᠯᠭᠠᠭᠤᠯᠤᠭᠴᠢ ᠶᠢᠨ ᠡᠷᠡᠮᠡᠯᠵᠡᠯ ᠲᠠᠭᠯᠠᠬᠤ ᠠᠵᠢᠯ ᠳᠠᠭᠤᠰᠤᠨ᠎ᠠ︔ 16:00  ᠴᠠᠭ ᠲᠤ᠂ 520᠎ ᠠᠴᠠ 549 ᠬᠤᠪᠢ ᠰᠢᠯᠭᠠᠭᠤᠯᠤᠭᠴᠢ ᠶᠢᠨ ᠡᠷᠡᠮᠡᠯᠵᠡᠯ ᠲᠠᠭᠯᠠᠬᠤ ᠠᠵᠢᠯ ᠳᠠᠭᠤᠰᠤᠨ᠎ᠠ︔ 17:00 ᠴᠠᠭ ᠲᠤ᠂ 490᠎ ᠠᠴᠠ 519 ᠬᠤᠪᠢ ᠰᠢᠯᠭᠠᠭᠤᠯᠤᠭᠴᠢ ᠶᠢᠨ ᠡᠷᠡᠮᠡᠯᠵᠡᠯ ᠲᠠᠭᠯᠠᠬᠤ ᠠᠵᠢᠯ ᠳᠠᠭᠤᠰᠤᠨ᠎ᠠ︔ 18:00 ᠴᠠᠭ ᠲᠤ᠂ 460᠎ ᠠᠴᠠ 489 ᠬᠤᠪᠢ ᠰᠢᠯᠭᠠᠭᠤᠯᠤᠭᠴᠢ ᠶᠢᠨ ᠡᠷᠡᠮᠡᠯᠵᠡᠯ ᠲᠠᠭᠯᠠᠬᠤ ᠠᠵᠢᠯ ᠳᠠᠭᠤᠰᠤᠨ᠎ᠠ︔ 19:00 ᠴᠠᠭ ᠲᠤ᠂ 460 ᠬᠤᠪᠢ ᠠᠴᠠ ᠳᠣᠭᠤᠭᠰᠢ ᠰᠢᠯᠭᠠᠭᠤᠯᠤᠭᠴᠢ ᠶᠢᠨ ᠡᠷᠡᠮᠡᠯᠵᠡᠯ ᠲᠠᠭᠯᠠᠬᠤ ᠠᠵᠢᠯ ᠳᠠᠭᠤᠰᠤᠨ᠎ᠠ᠃      ᠣᠶᠢᠯᠠᠭᠠᠭᠰᠠᠨ ᠢᠶᠠᠷ᠂ ᠮᠣᠩᠭᠤᠯ ᠢᠶᠠᠷ ᠬᠢᠴᠢᠶᠡᠯᠯᠡᠬᠦ ᠤᠷᠠᠯᠢᠭ ︵ᠨᠡᠶᠢᠭᠡᠮ ᠤᠨ ᠰᠢᠨᠵᠢᠯᠡᠬᠦ ᠤᠬᠠᠭᠠᠨ︶᠂ ᠮᠣᠩᠭᠤᠯ ᠢᠶᠠᠷ ᠬᠢᠴᠢᠶᠡᠯᠯᠡᠬᠦ ᠪᠡᠶ᠎ᠡ ᠶᠢᠨ ᠲᠠᠮᠢᠷ ︵ᠨᠡᠶᠢᠭᠡᠮ ᠤᠨ ᠰᠢᠨᠵᠢᠯᠡᠬᠦ ᠤᠬᠠᠭᠠᠨ︶᠎ ᠲᠤ ᠰᠢᠯᠭᠠᠭᠤᠯᠤᠭᠰᠠᠳ ᠮᠣᠩᠭᠤᠯ ᠢᠶᠠᠷ ᠬᠢᠴᠢᠶᠡᠯᠯᠡᠬᠦ ᠨᠡᠶᠢᠭᠡᠮ ᠤᠨ ᠰᠢᠨᠵᠢᠯᠡᠬᠦ ᠤᠬᠠᠭᠠᠨ ᠪᠤᠶᠤ ᠡᠩ ᠤᠨ ᠨᠡᠶᠢᠭᠡᠮ ᠤᠨ ᠰᠢᠨᠵᠢᠯᠡᠬᠦ ᠤᠬᠠᠭᠠᠨ ᠳᠤ ᠡᠷᠡᠮᠡᠯᠵᠡᠯ ᠢᠶᠠᠨ ᠬᠠᠪᠰᠤᠷᠭᠠᠨ ᠲᠠᠭᠯᠠᠵᠤ ᠪᠣᠯᠤᠨ᠎ᠠ︔ ᠮᠣᠩᠭᠤᠯ ᠢᠶᠠᠷ ᠬᠢᠴᠢᠶᠡᠯᠯᠡᠬᠦ ᠤᠷᠠᠯᠢᠭ ︵ᠪᠠᠶᠢᠭᠠᠯᠢ ᠶᠢᠨ ᠰᠢᠨᠵᠢᠯᠡᠬᠦ ᠤᠬᠠᠭᠠᠨ︶᠂ ᠮᠣᠩᠭᠤᠯ ᠢᠶᠠᠷ ᠬᠢᠴᠢᠶᠡᠯᠯᠡᠬᠦ ᠪᠡᠶ᠎ᠡ ᠶᠢᠨ ᠲᠠᠮᠢᠷ ︵ᠪᠠᠶᠢᠭᠠᠯᠢ ᠶᠢᠨ ᠰᠢᠨᠵᠢᠯᠡᠬᠦ ᠤᠬᠠᠭᠠᠨ︶᠎ ᠲᠤ ᠰᠢᠯᠭᠠᠭᠤᠯᠤᠭᠰᠠᠳ ᠮᠣᠩᠭᠤᠯ ᠢᠶᠠᠷ ᠬᠢᠴᠢᠶᠡᠯᠯᠡᠬᠦ ᠪᠠᠶᠢᠭᠠᠯᠢ ᠶᠢᠨ ᠰᠢᠨᠵᠢᠯᠡᠬᠦ ᠤᠬᠠᠭᠠᠨ ᠪᠤᠶᠤ ᠡᠩ ᠤᠨ ᠪᠠᠶᠢᠭᠠᠯᠢ ᠶᠢᠨ ᠰᠢᠨᠵᠢᠯᠡᠬᠦ ᠤᠬᠠᠭᠠᠨ ᠤ ᠡᠷᠡᠮᠡᠯᠵᠡᠯ ᠢ ᠬᠠᠪᠰᠤᠷᠭᠠᠨ ᠮᠡᠳᠡᠭᠦᠯᠵᠦ ᠪᠣᠯᠤᠨ᠎ᠠ᠃ ᠬᠢᠲᠠᠳ ᠎ ᠢᠶᠠᠷ ᠬᠢᠴᠢᠶᠡᠯᠯᠡᠬᠦ ᠤᠷᠠᠯᠢᠭ ︵ᠨᠡᠶᠢᠭᠡᠮ ᠤᠨ ᠰᠢᠨᠵᠢᠯᠡᠬᠦ ᠤᠬᠠᠭᠠᠨ︶᠂ ᠬᠢᠲᠠᠳ ᠢᠶᠠᠷ ᠬᠢᠴᠢᠶᠡᠯᠯᠡᠬᠦ ᠪᠡᠶ᠎ᠡ ᠲᠠᠮᠢᠷ ᠤᠨ ︵ᠨᠡᠶᠢᠭᠡᠮ ᠤᠨ ᠰᠢᠨᠵᠢᠯᠡᠬᠦ ᠤᠬᠠᠭᠠᠨ︶᠎ ᠳᠤ ᠰᠢᠯᠭᠠᠭᠤᠯᠤᠭᠰᠠᠳ ᠡᠩ ᠤᠨ ᠨᠡᠶᠢᠭᠡᠮ ᠤᠨ ᠰᠢᠨᠵᠢᠯᠡᠬᠦ ᠤᠬᠠᠭᠠᠨ ᠳᠤ ᠡᠷᠡᠮᠡᠯᠵᠡᠯ ᠢᠶᠠᠨ ᠬᠠᠪᠰᠤᠷᠭᠠᠨ ᠲᠠᠭᠯᠠᠵᠤ ᠪᠣᠯᠤᠨ᠎ᠠ︔ ᠬᠢᠲᠠᠳ ᠢᠶᠠᠷ ᠬᠢᠴᠢᠶᠡᠯᠯᠡᠬᠦ ᠤᠷᠠᠯᠢᠭ ︵ᠪᠠᠶᠢᠭᠠᠯᠢ ᠶᠢᠨ ᠰᠢᠨᠵᠢᠯᠡᠬᠦ ᠤᠬᠠᠭᠠᠨ︶᠂ ᠬᠢᠲᠠᠳ ᠢᠶᠠᠷ ᠬᠢᠴᠢᠶᠡᠯᠯᠡᠬᠦ ᠪᠡᠶ᠎ᠡ ᠶᠢᠨ ᠲᠠᠮᠢᠷ ︵ᠪᠠᠶᠢᠭᠠᠯᠢ ᠶᠢᠨ ᠰᠢᠨᠵᠢᠯᠡᠬᠦ ᠤᠬᠠᠭᠠᠨ︶᠎ ᠲᠤ ᠰᠢᠯᠭᠠᠭᠤᠯᠤᠭᠰᠠᠳ ᠡᠩ ᠤᠨ ᠪᠠᠶᠢᠭᠠᠯᠢ ᠶᠢᠨ ᠰᠢᠨᠵᠢᠯᠡᠬᠦ ᠤᠬᠠᠭᠠᠨ ᠳᠤ ᠡᠷᠡᠮᠡᠯᠵᠡᠯ ᠢᠶᠠᠨ ᠬᠠᠪᠰᠤᠷᠭᠠᠨ ᠲᠠᠭᠯᠠᠵᠤ ᠪᠣᠯᠤᠨ᠎ᠠ᠃ ᠮᠣᠩᠭᠤᠯ ᠢᠶᠠᠷ ᠬᠢᠴᠢᠶᠡᠯᠯᠡᠬᠦ ᠨᠡᠶᠢᠭᠡᠮ ᠤᠨ ᠰᠢᠨᠵᠢᠯᠡᠬᠦ ᠤᠬᠠᠭᠠᠨ ᠤ ᠰᠢᠯᠭᠠᠭᠤᠯᠤᠭᠴᠢ ᠡᠩ ᠤᠨ ᠨᠡᠶᠢᠭᠡᠮ ᠤᠨ ᠰᠢᠨᠵᠢᠯᠡᠬᠦ ᠤᠬᠠᠭᠠᠨ ᠳᠤ ᠡᠷᠡᠮᠡᠯᠵᠡᠯ ᠢᠶᠠᠨ ᠬᠠᠪᠰᠤᠷᠭᠠᠨ ᠲᠠᠭᠯᠠᠵᠤ ᠪᠣᠯᠤᠨ᠎ᠠ᠃ ᠮᠣᠩᠭᠤᠯ ᠢᠶᠠᠷ ᠬᠢᠴᠢᠶᠡᠯᠯᠡᠬᠦ ᠪᠠᠶᠢᠭᠠᠯᠢ ᠶᠢᠨ ᠰᠢᠨᠵᠢᠯᠡᠬᠦ ᠤᠬᠠᠭᠠᠨ ᠤ ᠰᠢᠯᠭᠠᠭᠤᠯᠤᠭᠴᠢ ᠡᠩ ᠤᠨ ᠪᠠᠶᠢᠭᠠᠯᠢ ᠶᠢᠨ ᠰᠢᠨᠵᠢᠯᠡᠬᠦ ᠤᠬᠠᠭᠠᠨ ᠳᠤ ᠡᠷᠡᠮᠡᠯᠵᠡᠯ ᠢᠶᠠᠨ ᠬᠠᠪᠰᠤᠷᠭᠠᠨ ᠲᠠᠭᠯᠠᠵᠤ ᠪᠣᠯᠤᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号