ᠲᠦᠷᠦ ᠶᠢᠨ ᠶᠠᠪᠤᠳᠠᠯ ᠤᠨ ᠬᠤᠷᠢᠶ᠎ᠠ ᠶᠢᠨ ᠲᠦᠷᠪᠡᠳᠤᠭᠡᠷ ᠰᠢᠮᠳᠠᠭᠤᠯᠤᠨ ᠪᠠᠶᠢᠴᠠᠭᠠᠬᠤ ᠲᠤᠭᠤᠶᠢᠯᠠᠩ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠳᠤ ᠬᠠᠯᠠᠮᠰᠢᠯ ᠤᠳᠠᠰᠤ ᠲᠤᠬᠢᠷᠠᠭᠤᠯᠬᠤ ᠠᠯᠪᠠᠨ ᠵᠠᠷ
ᠨᠡᠶᠢᠲᠡᠯᠡᠭᠰᠡᠨ ᠴᠠᠭ᠄
2017/7/15
      ᠲᠦᠷᠦ ᠶᠢᠨ ᠶᠠᠪᠤᠳᠠᠯ ᠤᠨ ᠬᠤᠷᠢᠶ᠎ᠠ ᠶᠢᠨ ᠲᠦᠷᠪᠡᠳᠤᠭᠡᠷ ᠤᠳᠠᠭ᠎ᠠ ᠶᠢᠨ ᠰᠢᠮᠳᠠᠭᠤᠯᠤᠨ ᠪᠠᠶᠢᠴᠠᠭᠠᠬᠤ ᠠᠵᠢᠯ ᠎ ᠤᠨ ᠨᠢᠭᠡᠳᠤᠯᠳᠠᠢ ᠪᠠᠶᠢᠷᠢᠯᠠᠭᠤᠯᠤᠯᠳᠠ ᠶᠤᠰᠤᠭᠠᠷ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠲᠦᠷᠪᠡᠳᠤᠭᠡᠷ ᠤᠳᠠᠭ᠎ᠠ ᠶᠢᠨ ᠰᠢᠮᠳᠠᠭᠤᠯᠤᠨ ᠪᠠᠶᠢᠴᠠᠭᠠᠬᠤ ᠲᠤᠭᠤᠶᠢᠯᠠᠩ 2017 ᠣᠨ ᠤ 7 ᠳ᠋ᠤᠭᠠᠷ ᠰᠠᠷ᠎ᠠ ᠶᠢᠨ 15᠎ ᠤ ᠡᠳᠤᠷ ᠠᠴᠠ 28᠎ ᠤ ᠡᠳᠤᠷ ᠤᠨ ᠬᠤᠭᠤᠷᠤᠨᠳᠤ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠳᠤ ᠰᠢᠮᠳᠠᠭᠤᠯᠤᠨ ᠪᠠᠶᠢᠴᠠᠭᠠᠬᠤ ᠪᠠᠷ ᠪᠠᠶᠢᠨ᠎ᠠ᠃ ᠦᠷᠭᠡᠨ ᠤᠯᠠᠨ ᠳᠦᠮᠡᠨ ᠤ ᠠᠰᠠᠭᠤᠳᠠᠯ ᠪᠤᠯᠤᠨ ᠰᠠᠨᠠᠯ ᠰᠠᠨᠠᠭᠤᠯᠭ᠎ᠠ ᠪᠠᠨ ᠳᠤᠰᠬᠠᠬᠤ ᠳᠤ ᠳᠦᠬᠦᠮ ᠪᠤᠯᠭᠠᠬᠤ ᠶᠢᠨ ᠳᠤᠯᠠᠳᠠ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠲᠦᠷᠪᠡᠳᠤᠭᠡᠷ ᠤᠳᠠᠭ᠎ᠠ ᠶᠢᠨ ᠰᠢᠮᠳᠠᠭᠤᠯᠤᠨ ᠪᠠᠶᠢᠴᠠᠭᠠᠬᠤ ᠲᠤᠭᠤᠶᠢᠯᠠᠩ ᠬᠠᠯᠠᠮᠰᠢᠯ ᠤᠳᠠᠰᠤ ᠲᠤᠬᠢᠷᠠᠭᠤᠯᠪᠠ᠃ ᠬᠠᠯᠠᠮᠰᠢᠯ ᠤᠳᠠᠰᠤ ᠶᠢᠨ ᠨᠤᠮᠧᠷ ᠨᠢ 0471 — 4824326᠂ ᠬᠠᠯᠠᠮᠰᠢᠯ ᠤᠳᠠᠰᠤ ᠶᠢᠨ ᠨᠠᠪᠳᠠᠷᠠᠬᠦ ᠴᠠᠭ ᠨᠢ 2017 ᠣᠨ ᠤ 7 ᠳ᠋ᠤᠭᠠᠷ ᠰᠠᠷ᠎ᠠ ᠶᠢᠨ 15᠎ ᠤ ᠡᠳᠤᠷ ᠠᠴᠠ 28᠎ ᠤ ᠡᠳᠤᠷ ᠤᠨ ᠡᠳᠤᠷ ᠪᠤᠯᠭᠠᠨ ᠤ ᠦᠳᠡ ᠶᠢᠨ ᠡᠮᠦᠨ᠎ᠠ ᠶᠢᠨ 8 ᠴᠠᠭ ᠠᠴᠠ ᠤᠷᠤᠢ ᠶᠢᠨ 8 ᠴᠠᠭ ᠪᠤᠯᠳᠠᠯ᠎ᠠ᠃ ᠦᠷᠭᠡᠨ ᠤᠯᠠᠨ ᠲᠦᠮᠡᠨ᠂ ᠠᠵᠤ ᠠᠬᠤᠶᠢᠯᠠᠯ ᠤᠨ ᠪᠠ ᠤᠯᠠᠨ ᠲᠦᠮᠡᠨ ᠤ ᠰᠢᠢᠳᠪᠤᠷᠢᠯᠡᠬᠦ ᠳᠤ ᠬᠦᠴᠢᠷᠳᠠᠢ ᠠᠰᠠᠭᠤᠳᠠᠯ᠂ ᠠᠵᠦ ᠠᠬᠤᠶᠢᠯᠡᠯ ᠤᠨ ᠳᠤᠷ᠎ᠠ ᠪᠠᠷ ᠰᠦᠢᠳᠭᠡᠯ ᠬᠤᠷᠢᠶᠠᠬᠰᠠᠨ ᠠᠰᠠᠭᠤᠳᠠᠯ᠂ ᠠᠷᠠᠳ ᠤᠨ ᠳᠤᠮᠳᠠᠬᠢ ᠪᠡᠯᠡ ᠴᠤᠭᠯᠠᠭᠤᠯᠬᠤ ᠳᠤ ᠬᠦᠷᠴᠢᠷᠳᠠᠢ᠂ ᠰᠢᠨ᠎ᠠ ᠎ ᠶᠢ ᠡᠬᠦᠳᠤᠨ ᠤᠶᠢᠯᠡᠰ ᠪᠦᠳᠦᠭᠡᠬᠦ ᠳᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ ᠦᠭᠡᠢ᠂ ᠠᠷᠠᠳ ᠤᠨ ᠠᠮᠢᠳᠤᠷᠠᠯ ᠤᠨ ᠪᠠᠳᠤᠯᠠᠭ᠎ᠠ ᠬᠦᠢᠴᠡᠳ ᠪᠤᠰᠤ ᠵᠡᠷᠭᠡ ᠠᠰᠠᠭᠤᠳᠠᠯ ᠤᠨ ᠳᠤᠭᠤᠷᠢᠨ ᠳᠤ ᠭᠤᠤᠯᠳᠠᠯᠭ᠎ᠠ ᠲᠠᠢ ᠪᠠᠷ ᠠᠰᠠᠭᠤᠳᠠᠯ ᠤᠨ ᠰᠦᠪᠡᠭᠴᠢ ᠳᠤᠰᠬᠠᠵᠦ᠂ ᠵᠠᠰᠠᠭ ᠤᠨ ᠤᠷᠳᠤᠨ ᠤ ᠠᠵᠢᠯ ᠳᠤ ᠰᠠᠨᠠᠯ ᠰᠠᠨᠠᠭᠤᠯᠭ᠎ᠠ ᠪᠠᠨ ᠲᠤᠷᠠᠳᠬᠤ ᠎ ᠶᠢ ᠬᠥᠰᠡᠨ ᠬᠥᠯᠢᠶᠡᠵᠤ ᠪᠠᠶᠢᠨ᠎ᠠ᠃ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠰᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠤᠳᠠᠰᠤ ᠢᠷᠡᠬᠦᠯᠦᠭᠰᠡᠨ ᠤᠯᠠᠨ ᠳᠦᠮᠡᠨ ᠤ ᠬᠤᠪᠢ ᠬᠦᠮᠦᠨ ᠤ ᠰᠤᠷᠠᠭ ᠵᠠᠩᠬᠢ ᠪᠤᠯᠤᠨ ᠤᠳᠠᠰᠤ ᠢᠷᠡᠬᠦᠯᠵᠤ ᠲᠤᠰᠬᠠᠬᠰᠠᠨ ᠠᠭᠤᠯᠭ᠎ᠠ ᠶᠢᠨ ᠨᠢᠭᠤᠴᠠ ᠶᠢ ᠪᠠᠲᠤ ᠴᠢᠩᠭ᠎ᠠ ᠬᠠᠮᠠᠭᠠᠯᠠᠨ᠎ᠠ᠃ ᠲᠤᠰᠬᠠᠬᠰᠠᠨ ᠠᠰᠠᠭᠤᠳᠠᠯ ᠪᠤᠯᠤᠨ ᠰᠠᠨᠠᠯ ᠰᠠᠨᠠᠭᠤᠯᠭ᠎ᠠ ᠶᠢ ᠬᠠᠮᠢᠶ᠎ᠠ ᠪᠦᠬᠦᠢ ᠲᠦᠷᠢᠮ ᠳᠤᠭᠳᠠᠭᠠᠯ ᠶᠤᠰᠤᠭᠠᠷ ᠨᠠᠷᠢᠨ ᠬᠢᠨᠠᠮᠠᠭᠠᠢ ᠰᠤᠳᠤᠯᠤᠨ ᠰᠢᠢᠳᠪᠤᠷᠢᠯᠡᠨ᠎ᠠ᠃                            ᠲᠦᠷᠦ ᠶᠢᠨ ᠶᠠᠪᠤᠳᠠᠯ ᠤᠨ ᠬᠤᠷᠢᠶ᠎ᠠ ᠶᠢᠨ ᠳᠦᠷᠪᠠᠳᠤᠭᠡᠷ                            ᠰᠢᠮᠳᠠᠭᠤᠯᠤᠨ ᠪᠠᠶᠢᠴᠠᠭᠠᠬᠤ ᠳᠤᠭᠤᠶᠢᠯᠠᠩ                                   2017 ᠣᠨ ᠤ 7 ᠳ᠋ᠤᠭᠠᠷ ᠰᠠᠷ᠎ᠠ ᠶᠢᠨ 15᠎ ᠤ ᠡᠳᠤᠷ
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号