| | ᠲᠡᠭᠦᠰᠬᠦ ᠶᠣᠰᠣᠯᠠᠯ ᠳᠡᠭᠡᠷ᠎ᠡ ᠴᠤᠭᠯᠠᠭᠠᠨ ᠤ ᠲᠤᠭ ᠰᠤᠯᠢᠯᠴᠠᠬᠤ ᠶᠤᠰᠤᠯᠠᠯ ᠶᠠᠪᠤᠭᠤᠯᠵᠠᠢ | | | | | ᠲᠡᠭᠦᠰᠬᠦ ᠶᠣᠰᠣᠯᠠᠯ ᠳᠡᠭᠡᠷ᠎ᠡ ᠪᠡᠶ᠎ᠡ ᠶᠢᠨ ᠲᠠᠮᠢᠷ ᠤᠨ ᠶᠣᠰᠣ ᠮᠣᠷᠠᠯ ᠬᠡᠪ ᠵᠠᠩᠰᠢᠯ ᠤᠨ ᠱᠠᠩᠨᠠᠯ ᠣᠯᠤᠭᠰᠠᠨ | ᠲᠥᠯᠥᠭᠡᠯᠡᠭᠴᠢᠳ ᠤᠨ ᠪᠦᠯᠬᠦᠮ᠂ ᠬᠢᠨᠠᠭᠴᠢ᠂ ᠲᠠᠰᠤᠯᠤᠭᠴᠢ᠂ ᠲᠠᠮᠢᠷᠴᠢᠳ ᠲᠤ ᠱᠠᠩᠨᠠᠯ ᠣᠯᠭᠤᠵᠠᠶ | | | | | ᠲᠡᠭᠦᠰᠬᠦ ᠶᠣᠰᠣᠯᠠᠯ ᠳᠠᠭᠤᠰᠤᠭᠰᠠᠨ ᠤ ᠲᠠᠷᠠᠭ᠎ᠠ ᠭᠤᠶᠣ ᠰᠠᠶᠢᠬᠠᠨ ᠤᠷᠠᠨ ᠰᠠᠶᠢᠬᠠᠨ ᠤ ᠲᠣᠭᠯᠠᠯᠲᠠ | ᠭᠠᠷᠭᠠᠪᠠ | 7 ᠳ᠋ᠤᠭᠠᠷ ᠰᠠᠷ᠎ᠠ ᠶᠢᠨ 15 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠶᠢᠰᠦᠳᠦᠭᠡᠷ ᠬᠤᠭᠤᠴᠠᠭᠠᠨ ᠤ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ | ᠴᠤᠭᠯᠠᠭᠠᠨ ᠪᠦᠬᠦ ᠤᠷᠤᠯᠳᠤᠭᠠᠨ ᠤ ᠵᠦᠢᠯ ᠢᠶᠠᠨ ᠳᠠᠭᠤᠰᠬᠠᠭᠰᠠᠨ ᠤ ᠳᠠᠷᠠᠭ᠎ᠠ ᠦᠨᠳᠦᠷᠯᠡᠪᠡ᠃ ᠲᠤᠰ | ᠬᠤᠭᠤᠴᠠᠭᠠᠨ ᠤ ᠦᠨᠳᠦᠰᠦᠲᠡᠨ ᠤ ᠪᠡᠶ᠎ᠡ ᠶᠢᠨ ᠲᠠᠮᠢᠷ ᠤᠨ ᠴᠤᠭᠯᠠᠭᠠᠨ ᠨᠢ ᠥᠩᠭᠡᠷᠡᠭᠰᠡᠨ ᠬᠤᠭᠤᠴᠠᠭ᠎ᠠ ᠨᠤᠭᠤᠳ ᠢ | ᠪᠤᠳᠤᠪᠠᠯ ᠬᠡᠪᠴᠢᠶ᠎ᠡ ᠪᠠᠷ ᠬᠠᠮᠤᠭ ᠤᠨ ᠶᠡᠭᠡ ᠪᠦᠭᠡᠳ ᠤᠷᠤᠯᠳᠤᠭᠠᠨ ᠳᠤ ᠬᠠᠮᠤᠭ ᠤᠨ ᠠᠷᠪᠢᠨ ᠬᠦᠮᠦᠨ | ᠤᠷᠤᠯᠴᠠᠭᠰᠠᠨ ᠨᠢᠭᠡ ᠬᠤᠭᠤᠴᠠᠭᠠᠨ ᠤ ᠪᠡᠶ᠎ᠡ ᠶᠢᠨ ᠲᠠᠮᠢᠷ ᠤᠨ ᠦᠪᠡᠳᠡᠭᠰᠢ ᠶᠡᠭᠡ ᠴᠤᠭᠯᠠᠭᠠᠨ ᠪᠤᠯᠤᠨ᠎ᠠ᠂ ᠥᠪᠥᠷ | ᠮᠣᠩᠭᠤᠯ ᠤᠨ 2500 ᠭᠠᠷᠤᠶ ᠲᠠᠮᠢᠷᠴᠢᠨ᠂ ᠰᠤᠷᠭᠠᠭᠴᠢ᠂ ᠬᠢᠨᠠᠭᠴᠢ ᠪᠠ ᠠᠵᠢᠯᠲᠠᠳ ᠡᠨᠡ ᠤᠳᠠᠭ᠎ᠠ ᠶᠢᠨ | ᠲᠠᠮᠢᠷ ᠤᠨ ᠴᠤᠭᠯᠠᠭᠠᠨ ᠳᠤ ᠤᠷᠤᠯᠴᠠᠭᠰᠠᠨ ᠪᠠᠶᠢᠨ᠎ᠠ᠃ | ᠲᠡᠭᠦᠰᠬᠦ ᠶᠣᠰᠣᠯᠠᠯ ᠳᠡᠭᠡᠷ᠎ᠡ ᠪᠡᠶ᠎ᠡ ᠶᠢᠨ ᠲᠠᠮᠢᠷ ᠤᠨ ᠶᠣᠰᠣ ᠮᠣᠷᠠᠯ ᠬᠡᠪ ᠵᠠᠩᠰᠢᠯ ᠤᠨ ᠱᠠᠩᠨᠠᠯ ᠣᠯᠤᠭᠰᠠᠨ | ᠲᠥᠯᠥᠭᠡᠯᠡᠭᠴᠢᠳ ᠤᠨ ᠪᠦᠯᠬᠦᠮ᠂ ᠬᠢᠨᠠᠭᠴᠢ᠂ ᠲᠠᠮᠢᠷᠴᠢᠳ ᠲᠤ ᠱᠠᠩᠨᠠᠯ ᠣᠯᠭᠤᠵᠠᠶ᠃ | 3 ᠡᠳᠦᠷ ᠤᠨ ᠤᠷᠤᠯᠳᠤᠭᠠᠨ ᠳᠤ᠂ ᠪᠦᠬᠦ ᠲᠠᠮᠢᠷᠴᠢᠳ ᠦᠨᠳᠦᠰᠦᠲᠡᠨ ᠨᠦᠭᠦᠳ ᠤᠨ ᠦᠵᠡᠭᠴᠢᠳ ᠲᠤ | ᠲᠠᠯᠠᠪᠤᠷ ᠲᠠᠯᠠᠪᠤᠷ ᠦᠨᠳᠦᠷ ᠤᠷ᠎ᠠ ᠮᠡᠷᠭᠡᠰᠢᠯ ᠪᠦᠬᠦᠢ ᠰᠢᠷᠦᠭᠦᠨ ᠦᠷᠢᠰᠦᠯᠳᠦᠭᠡᠨ ᠦᠵᠡᠭᠦᠯᠵᠦ᠂ ᠪᠠᠰᠠ ᠲᠠᠯᠠᠪᠤᠷ | ᠲᠠᠯᠠᠪᠤᠷ ᠦᠨᠳᠦᠰᠦᠲᠡᠨ ᠤ ᠰᠣᠶᠣᠯ ᠤᠨ ᠡᠯᠪᠡᠭ ᠳᠡᠯᠪᠡᠭ ᠠᠭᠤᠯᠬᠤᠨ ᠲᠠᠢ᠂ ᠭᠠᠵᠠᠷ ᠣᠷᠣᠨ ᠤ ᠣᠨᠴᠠᠯᠢᠭ ᠭᠦᠨ | ᠵᠤᠵᠠᠭᠠᠨ ᠭᠤᠶᠤ ᠰᠠᠶᠢᠬᠠᠨ ᠦᠵᠡᠭᠦᠯᠦᠯᠭᠡ ᠶᠢ ᠰᠤᠨᠢᠷᠬᠠᠭᠤᠯᠤᠭᠰᠠᠨ ᠪᠠᠶᠢᠨ᠎ᠠ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠳᠤᠭᠠᠷ ᠬᠤᠭᠤᠴᠠᠭᠠᠨ ᠤ ᠴᠥᠭᠡᠨ ᠲᠣᠭᠠᠲᠤ | ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠤᠯᠠᠭᠠᠨᠴᠠᠪ ᠬᠤᠲᠠ ᠳᠤ ᠶᠠᠪᠤᠭᠳᠠᠨ᠎ᠠ᠃ | ᠲᠡᠭᠦᠰᠬᠦ ᠶᠣᠰᠣᠯᠠᠯ ᠳᠡᠭᠡᠷ᠎ᠡ ᠴᠤᠭᠯᠠᠭᠠᠨ ᠤ ᠲᠤᠭ ᠢ ᠰᠤᠯᠢᠯᠴᠠᠬᠤ ᠶᠣᠰᠣᠯᠠᠯ ᠶᠠᠪᠤᠭᠤᠯᠵᠠᠢ᠃ ᠲᠡᠭᠦᠰᠬᠦ ᠶᠣᠰᠣᠯᠠᠯ | ᠳᠠᠭᠤᠰᠤᠭᠰᠠᠨ ᠤ ᠲᠠᠷᠠᠭ᠎ᠠ ᠭᠤᠶᠣ ᠰᠠᠶᠢᠬᠠᠨ ᠤᠷᠠᠨ ᠰᠠᠶᠢᠬᠠᠨ ᠤ ᠲᠣᠭᠯᠠᠯᠲᠠ ᠭᠠᠷᠭᠠᠪᠠ᠃ |