7 ᠳ᠋ᠤᠭᠠᠷ ᠰᠠᠷ᠎ᠠ ᠶᠢᠨ 14 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠰᠢᠯᠤᠭᠤᠨ ᠬᠥᠬᠡ ᠬᠤᠰᠢᠭᠤ ᠶᠢᠨ ᠠᠷᠠᠳ ᠤᠨ ᠰᠢᠭᠦᠬᠦ ᠬᠤᠷᠢᠶ᠎ᠠ ᠠᠴᠠ ᠵᠠᠭᠠᠯᠳᠤᠭᠳᠠᠭᠴᠢ ᠢᠦᠶ ᠱᠧᠩ ᠶᠦᠩ᠂ | ᠰᠣᠳᠣᠪᠢᠯᠢᠭ᠌ ᠵᠡᠷᠭᠡ 8 ᠬᠥᠮᠦᠨ ᠬᠤᠪᠣᠷ ᠨᠠᠨᠳᠢᠨ ᠬᠡᠭᠡᠷ᠎ᠡ ᠶᠢᠨ ᠠᠮᠢᠳᠡᠠ ᠢ ᠬᠠᠤᠯᠢ ᠪᠤᠰᠤ ᠪᠠᠷ ᠠᠩᠨᠠᠭᠰᠠᠨ ᠬᠡᠷᠡᠭ | ᠲᠤ ᠨᠢᠭᠡᠳᠦᠭᠡᠷ ᠰᠢᠭᠦᠯᠲᠡ ᠶᠢᠨ ᠰᠢᠭᠦᠨ ᠲᠠᠰᠤᠯᠤᠯᠲᠠ ᠬᠢᠵᠦ᠂ 8 ᠵᠠᠭᠠᠯᠳᠤᠭᠳᠠᠭᠴᠢ ᠶᠢ ᠬᠠᠤᠯᠢ ᠶᠣᠰᠣᠭᠠᠷ ᠲᠤᠰ | ᠲᠤᠰ ᠠᠷᠪᠠᠨ ᠵᠢᠷᠭᠤᠭᠠᠨ ᠵᠢᠯ ᠬᠤᠭᠤᠴᠠᠭ᠎ᠠ ᠲᠠᠢ ᠬᠤᠷᠢᠬᠤ᠂ ᠵᠢᠷᠭᠤᠭᠠᠨ ᠰᠠᠷ᠎ᠠ ᠬᠤᠷᠢᠵᠤ ᠬᠥᠳᠡᠯᠮᠦᠷᠢᠯᠡᠭᠦᠯᠬᠦ᠂ | ᠡᠷᠡᠭᠦᠦ ᠰᠢᠳᠬᠡᠯ ᠢ ᠨᠢ ᠨᠢᠭᠡ ᠵᠢᠯ ᠬᠤᠶᠢᠰᠢᠯᠠᠭᠤᠯᠬᠤ ᠵᠡᠷᠭᠡ ᠠᠳᠠᠯᠢ ᠪᠤᠰᠤ ᠪᠠᠷ ᠶᠠᠯᠠᠯᠠᠭᠰᠠᠨ ᠪᠦᠭᠡᠳ ᠲᠠᠪᠤᠨ | ᠲᠦᠮᠡᠨ ᠲᠥᠭᠦᠷᠢᠭ ᠠᠴᠠ ᠬᠤᠶᠠᠷ ᠮᠢᠩᠭᠠᠨ ᠲᠥᠭᠦᠷᠢᠭ ᠤᠨ ᠠᠳᠠᠯᠢ ᠪᠤᠰᠤ ᠵᠣᠭᠤᠰ ᠢᠶᠠᠷ ᠲᠣᠷᠭᠠᠬᠤ ᠪᠠᠷ | ᠬᠠᠮᠲᠤᠷᠠᠭᠤᠯᠤᠨ ᠰᠢᠳᠭᠡᠪᠡ᠃ | ᠰᠢᠭᠦᠬᠦ ᠬᠤᠷᠢᠶ᠎ᠠ ᠶᠢᠨ ᠰᠢᠭᠦᠨ ᠪᠠᠶᠢᠴᠠᠭᠠᠵᠤ ᠲᠣᠳᠣᠯᠠᠭᠰᠠᠨ ᠢᠶᠠᠷ᠂ ᠵᠠᠭᠠᠯᠳᠤᠭᠳᠠᠭᠴᠢ ᠢᠦᠶ ᠱᠧᠩ ᠶᠦᠩ᠂ | ᠰᠣᠳᠣᠪᠢᠯᠢᠭ᠌᠂ ᠸᠠᠩ ᠴᠢᠦ ᠯᠢ᠂ ᠲᠥᠪᠰᠢᠨ ᠥᠯᠵᠡᠢ ᠨᠠᠷ ᠰᠢᠯᠢ ᠶᠢᠨ ᠭᠤᠣᠯ ᠠᠶᠢᠮᠠᠭ ᠤᠨ ᠰᠢᠯᠤᠭᠤᠨ ᠬᠥᠬᠡ | ᠬᠤᠰᠢᠭᠤ ᠶᠢᠨ ᠬᠤᠨ ᠨᠠᠭᠤᠷ ᠲᠤ ᠤᠯᠤᠰ ᠤᠨ ᠬᠤᠶᠠᠳᠤᠭᠠᠷ ᠳᠡᠰ ᠤᠨ ᠬᠠᠮᠠᠭᠠᠯᠠᠯᠲᠠ ᠶᠢᠨ ᠠᠮᠢᠲᠠᠨ ᠪᠣᠯᠬᠤ ᠬᠤᠨ | ᠭᠠᠯᠠᠭᠤ ᠶᠢ 290᠂ ᠤᠯᠤᠰ ᠤᠨ ᠬᠤᠶᠠᠳᠤᠭᠠᠷ ᠳᠡᠰ ᠤᠨ ᠬᠠᠮᠠᠭᠠᠯᠠᠯᠲᠠ ᠶᠢᠨ ᠠᠮᠢᠲᠠᠨ ᠪᠣᠯᠬᠤ ᠬᠠᠯᠪᠠᠭᠠᠲᠤ | ᠥᠷᠪᠢᠯᠳᠡᠶ ᠶᠢ 1 ᠵᠢᠴᠢ ᠪᠤᠰᠤᠳ ᠬᠠᠮᠠᠭᠠᠯᠠᠯᠲᠠ ᠶᠢᠨ ᠦᠨ᠎ᠡ ᠴᠡᠨ᠎ᠡ ᠲᠠᠢ ᠤᠰᠤᠨ ᠵᠢᠭᠦᠷᠲᠡᠨ ᠢ 60 ᠶᠢ ᠬᠠᠤᠯᠢ | ᠪᠤᠰᠤ ᠪᠠᠷ ᠠᠩᠨᠠᠨ ᠬᠥᠨᠥᠭᠡᠵᠦ᠂ ᠥᠢᠯᠨ ᠪᠠᠶᠢᠳᠠᠯ ᠨᠢ ᠲᠥᠢᠯ ᠤᠨ ᠬᠥᠨᠳᠦ ᠨᠣᠴᠢᠲᠠᠢ ᠪᠣᠯᠵᠠᠢ᠃ ᠵᠠᠭᠠᠯᠳᠤᠭᠳᠠᠭᠴᠢ | ᠶᠠᠩ ᠽᠤᠤ ᠶᠤᠸᠠᠨ ᠠᠴᠠ ᠵᠠᠭᠠᠯᠳᠤᠭᠳᠠᠭᠴᠢ ᠢᠦᠶ ᠱᠧᠩ ᠶᠦᠩ ᠳᠤ ᠵᠠᠮ ᠬᠠᠷᠢᠯᠴᠠᠭᠠᠨ ᠤ ᠪᠠᠭᠠᠵᠢ ᠬᠠᠩᠭᠠᠵᠤ | ᠬᠡᠷᠡᠭ ᠲᠤ ᠬᠤᠯᠪᠣᠭᠳᠠᠭᠰᠠᠨ ᠬᠤᠨ ᠭᠠᠯᠠᠭᠤ ᠶᠢ ᠵᠥᠭᠡᠭᠡᠪᠦᠷᠢᠯᠡᠬᠦ ᠪᠠᠷ ᠪᠠᠶᠢᠪᠠ᠂ ᠭᠡᠪᠡᠴᠦ ᠰᠠᠨᠠᠭ᠎ᠠ ᠠᠴᠠ ᠭᠠᠳᠠᠨᠠᠬᠢ | ᠰᠢᠯᠲᠠᠭᠠᠨ ᠠᠴᠠ ᠪᠤᠯᠵᠤ ᠪᠡᠶᠡᠯᠡᠭᠳᠡᠭᠰᠡᠨ ᠦᠭᠡᠢ᠃ ᠵᠠᠭᠠᠯᠳᠤᠭᠳᠠᠭᠴᠢ ᠬᠠᠰᠪᠠᠭᠠᠨ᠎ᠠ᠂ ᠯᠢ ᠬᠦᠢ ᠰᠢᠨ ᠬᠤᠶᠠᠷ | ᠬᠡᠷᠡᠭ ᠲᠤ ᠬᠤᠯᠪᠣᠭᠳᠠᠭᠰᠠᠨ ᠬᠤᠨ ᠭᠠᠯᠠᠭᠤ ᠶᠢᠨ ᠥᠬᠦᠳᠡᠯ ᠨᠢ ᠶᠠᠯ᠎ᠠ ᠬᠢᠵᠦ ᠣᠯᠣᠭᠰᠠᠨ ᠢ ᠲᠣᠳᠣᠷᠬᠠᠶ ᠮᠡᠳᠡᠵᠦ | ᠪᠠᠶᠢᠭᠠᠳ ᠨᠢᠭᠤᠨ ᠳᠠᠯᠳᠠᠯᠠᠵᠤ ᠥᠭᠪᠡ᠃ | ᠰᠢᠭᠦᠬᠦ ᠬᠤᠷᠢᠶ᠎ᠠ ᠪᠠᠰᠠ ᠪᠠᠶᠢᠴᠠᠭᠠᠨ ᠲᠣᠳᠣᠯᠠᠭᠰᠠᠨ ᠨᠢ᠂ ᠵᠠᠭᠠᠯᠳᠤᠭᠳᠠᠭᠴᠢ ᠢᠦᠶ ᠱᠧᠩ ᠶᠦᠩ᠂ ᠸᠠᠩ | ᠴᠢᠦ ᠯᠢ᠂ ᠯᠢ ᠬᠦᠢ ᠰᠢᠨ᠂ ᠶᠠᠩ ᠵᠢᠶᠠᠨ ᠭᠤᠸᠠᠩ ᠨᠠᠷ ᠤᠯᠠᠭᠠᠶ ᠬᠠᠮᠢᠶᠠᠷᠤᠯᠲᠠ ᠶᠢᠨ ᠣᠷᠣᠨ ᠤ ᠲᠡᠭᠦᠷᠭᠡ ᠳᠤ | ᠬᠤᠣᠷ ᠲᠠᠯᠪᠢᠬᠤ ᠵᠡᠷᠭᠡ ᠠᠷᠭ᠎ᠠ ᠪᠠᠷᠢᠯ ᠢᠶᠠᠷ 8 ᠠᠩᠬᠢᠷ᠂ 96 ᠵᠢᠷᠭᠢᠮᠡᠯ᠂ 8 ᠣᠬᠤᠷ ᠬᠥᠯᠲᠦ ᠬᠠᠶᠢᠷᠠᠭᠤᠴᠠᠶ᠂ | 145 ᠬᠠᠶᠢᠷᠠᠭᠤᠴᠠᠶ ᠶᠢ ᠬᠤᠣᠷᠳᠠᠭᠤᠯᠤᠨ ᠠᠯᠠᠵᠤ᠂ ᠬᠡᠭᠡᠷ᠎ᠡ ᠶᠢᠨ ᠠᠮᠢᠲᠠᠨ ᠤ ᠡᠬᠢ ᠪᠠᠶᠠᠯᠢᠭ ᠢ ᠬᠦᠨᠳᠦ ᠨᠣᠴᠢᠲᠠᠶ | ᠡᠪᠳᠡᠵᠦ᠂ ᠦᠢᠯᠠ ᠪᠠᠶᠢᠳᠠᠯ ᠨᠢ ᠬᠦᠨᠳᠦ ᠨᠣᠴᠢᠲᠠᠢ ᠪᠣᠯᠵᠠᠢ᠃ ᠵᠠᠭᠠᠯᠳᠤᠭᠳᠠᠭᠴᠢ ᠶᠠᠩ ᠵᠢᠶᠠᠨ ᠭᠤᠸᠠᠩ ᠫᠤᠤ | ᠵᠡᠪᠰᠡᠭ ᠬᠠᠮᠢᠶᠠᠷᠬᠤ ᠲᠣᠭᠲᠠᠭᠠᠯ ᠢ ᠵᠥᠷᠢᠴᠡᠵᠦ᠂ ᠬᠠᠤᠯᠢ ᠪᠤᠰᠤ ᠪᠠᠷ 1 ᠫᠤᠤ ᠬᠠᠳᠠᠭᠠᠯᠠᠵᠤ ᠪᠠᠶᠢᠵᠠᠢ᠃ | ᠰᠢᠭᠦᠬᠦ ᠬᠤᠷᠢᠶ᠎ᠠ ᠬᠠᠤᠯᠢ ᠶᠣᠰᠤᠨ ᠤ ᠰᠢᠭᠦᠯᠲᠡ ᠪᠠᠷ ᠳᠠᠮᠵᠢᠨ᠂ ᠵᠡᠭᠠᠯᠳᠦᠬᠳᠡᠬᠴᠢ ᠢᠦᠶ ᠱᠧᠩ ᠶᠦᠩ᠂ | ᠰᠣᠳᠣᠪᠢᠯᠢᠭ᠌ ᠵᠡᠷᠭᠡ 8 ᠬᠥᠮᠦᠨ ᠢ ᠬᠤᠪᠣᠷ ᠨᠠᠨᠳᠢᠨ ᠬᠡᠭᠡᠷ᠎ᠡ ᠶᠢᠨ ᠠᠮᠢᠳᠠᠨ ᠢ ᠬᠠᠤᠯᠢ ᠪᠤᠰᠤ ᠪᠠᠷ ᠠᠩᠨᠠᠵᠦ | ᠠᠯᠠᠭᠰᠠᠨ ᠶᠠᠯ᠎ᠠ︔ ᠬᠠᠤᠯᠢ ᠪᠤᠰᠤ ᠪᠠᠷ ᠠᠩ ᠠᠩᠨᠠᠭᠰᠠᠨ ᠶᠠᠯ᠎ᠠ︔ ᠬᠠᠤᠯᠢ ᠪᠤᠰᠤ ᠪᠠᠷ ᠫᠤᠤ ᠵᠡᠪᠰᠡᠭ | ᠬᠠᠳᠠᠭᠠᠯᠠᠭᠰᠠᠨ ᠶᠠᠯ᠎ᠠ︔ ᠶᠠᠯ᠎ᠠ ᠬᠢᠵᠦ ᠣᠯᠣᠭᠰᠠᠨ ᠠᠰᠢᠭ ᠬᠤᠨᠵᠢᠪᠤᠷᠢ ᠶᠢ ᠨᠢᠭᠤᠨ ᠳᠠᠯᠳᠠᠯᠠᠭᠰᠠᠨ ᠶᠠᠯ᠎ᠠ︔ | ᠬᠤᠪᠣᠷ ᠨᠠᠨᠳᠢᠨ ᠬᠡᠭᠡᠷ᠎ᠡ ᠶᠢᠨ ᠠᠮᠢᠳᠠᠨ ᠢ ᠬᠠᠤᠯᠢ ᠪᠤᠰᠤ ᠪᠠᠷ ᠵᠥᠭᠡᠭᠡᠪᠦᠷᠢᠯᠡᠭᠰᠡᠨ ᠶᠠᠯ᠎ᠠ ᠪᠠᠷ ᠲᠤᠰ ᠲᠤᠰ ᠰᠢᠭᠦᠨ | ᠲᠠᠰᠤᠯᠵᠤ᠂ ᠲᠡᠳᠡ ᠨᠠᠷ ᠢ ᠲᠤᠰ ᠲᠤᠰ ᠠᠷᠪᠠᠨ ᠵᠢᠷᠭᠤᠭᠠᠨ ᠵᠢᠯ ᠬᠤᠭᠤᠴᠠᠭ᠎ᠠ ᠲᠠᠢ ᠬᠤᠷᠢᠬᠤ᠂ ᠵᠢᠷᠭᠤᠭᠠᠨ ᠰᠠᠷ᠎ᠠ | ᠬᠤᠷᠢᠵᠤ ᠬᠥᠳᠡᠯᠮᠦᠷᠢᠯᠡᠭᠦᠯᠬᠦ᠂ ᠡᠷᠡᠭᠦᠦ ᠰᠢᠳᠬᠡᠯ ᠢ ᠨᠢ ᠨᠢᠭᠡ ᠵᠢᠯ ᠬᠤᠶᠢᠰᠢᠯᠠᠭᠤᠯᠬᠤ ᠵᠡᠷᠭᠡ ᠠᠳᠠᠯᠢ ᠪᠤᠰᠤ ᠪᠠᠷ | ᠶᠠᠯᠠᠯᠠᠭᠰᠠᠨ ᠪᠦᠭᠡᠳ ᠲᠠᠪᠤᠨ ᠲᠦᠮᠡᠨ ᠲᠥᠭᠦᠷᠢᠭ᠂ ᠬᠤᠶᠠᠷ ᠮᠢᠩᠭᠠᠨ ᠲᠥᠭᠦᠷᠢᠭ ᠢᠶᠠᠷ ᠠᠳᠠᠯᠢ ᠪᠤᠰᠤ ᠵᠣᠭᠤᠰ ᠢᠶᠠᠷ | ᠲᠣᠷᠭᠠᠬᠤ ᠪᠠᠷ ᠬᠠᠤᠯᠢ ᠶᠣᠰᠣᠭᠠᠷ ᠬᠠᠮᠲᠤᠷᠠᠭᠤᠯᠤᠨ ᠰᠢᠳᠭᠡᠪᠡ᠃ | ᠬᠡᠷᠡᠭ ᠤᠨ ᠨᠢᠭᠡᠳᠦᠭᠡᠷ ᠰᠢᠭᠦᠨ ᠲᠠᠰᠤᠯᠤᠯᠲᠠ ᠶᠢ ᠨᠡᠶᠢᠲᠡᠯᠡᠭᠰᠡᠨ ᠤ ᠳᠠᠷᠠᠭ᠎ᠠ᠂ 8 ᠵᠠᠭᠠᠯᠳᠤᠭᠳᠠᠭᠴᠢ ᠨᠢ | ᠰᠢᠭᠦᠬᠦ ᠲᠢᠩᠬᠢᠮ ᠳᠤ ᠪᠠᠷᠢᠨ ᠳᠣᠣᠷ᠎ᠠ ᠪᠠᠨ ᠳᠡᠭᠡᠭᠰᠢ ᠵᠠᠭᠠᠯᠳᠤᠬᠤ ᠪᠠᠷ ᠳᠤᠷᠠᠳᠤᠭᠰᠠᠨ ᠦᠭᠡᠢ᠃ | 2016 ᠣᠨ ᠤ 10 ᠳ᠋ᠤᠭᠠᠷ ᠰᠠᠷ᠎ᠠ ᠶᠢᠨ 19 ᠤ ᠡᠳᠦᠷ᠂ ᠰᠢᠯᠤᠭᠤᠨ ᠬᠦᠭᠡ ᠬᠤᠰᠢᠭᠤ ᠶᠢᠨ ᠬᠤᠨ | ᠨᠠᠭᠤᠷ ᠲᠤ ᠶᠡᠭᠡ ᠬᠡᠮᠵᠢᠶᠡᠨ ᠤ ᠤᠰᠤᠨ ᠵᠢᠭᠦᠷᠲᠡᠨ ᠦᠬᠦᠭᠰᠡᠨ ᠴᠢᠮᠡᠭᠡ ᠨᠢ ᠨᠡᠶᠢᠭᠡᠮ ᠨᠡᠶᠢᠲᠡ ᠶᠢᠨ ᠠᠩᠬᠠᠷᠤᠯ ᠢ | ᠲᠠᠲᠠᠪᠠ᠃ ᠬᠡᠷᠡᠭ ᠭᠠᠷᠤᠭᠰᠠᠨ ᠤ ᠳᠠᠷᠠᠭ᠎ᠠ᠂ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠲᠤᠰᠬᠠᠶ ᠬᠡᠷᠡᠭ ᠤᠨ | ᠪᠠᠶᠢᠴᠠᠭᠠᠬᠤ ᠳᠤᠭᠤᠶᠢᠯᠠᠩ ᠵᠣᠬᠢᠶᠠᠨ ᠪᠠᠶᠢᠭᠤᠯᠵᠤ ᠲᠠᠩᠨᠠᠨ ᠪᠠᠶᠢᠴᠠᠭᠠᠬᠤ ᠠᠵᠢᠯᠯᠠᠭ᠎ᠠ ᠥᠷᠨᠢᠭᠦᠯᠪᠡ ᠃ 2016 | ᠣᠨ ᠤ 11 ᠳ᠋ᠦ᠋ᠭᠡᠷ ᠰᠠᠷ᠎ᠠ ᠳᠤ᠂ ᠲᠤᠰᠬᠠᠶ ᠬᠡᠷᠡᠭ ᠤᠨ ᠪᠠᠶᠢᠴᠠᠭᠠᠬᠤ ᠳᠤᠭᠤᠶᠢᠯᠠᠩ ᠤᠨ ᠬᠢᠨ ᠪᠡᠭᠡᠵᠢᠩ᠂ | ᠲᠢᠶᠠᠨᠵᠢᠨ᠂ ᠭᠢᠷᠢᠨ᠂ ᠾᠧᠪᠸᠢ ᠵᠡᠷᠭᠡ ᠭᠠᠵᠠᠷ ᠢᠶᠠᠷ ᠤᠷᠭᠤᠨ ᠳᠤᠲᠠᠭᠠᠵᠤ ᠪᠠᠶᠢᠭᠰᠠᠨ ᠢᠦᠶ ᠱᠧᠩ ᠶᠦᠩ ᠵᠡᠷᠭᠡ | ᠶᠠᠯᠠᠲᠤ ᠰᠡᠵᠢᠭᠲᠡᠨ ᠢ ᠪᠦᠬᠦᠨ ᠢ ᠪᠠᠷᠢᠪᠴᠢᠯᠠᠭᠰᠠᠨ ᠪᠠᠶᠢᠨ᠎ᠠ᠃ |