ᠰᠢᠯᠢ ᠶᠢᠨ ᠭᠤᠣᠯ ᠠᠶᠢᠮᠠᠭ ᠥᠪᠡᠷᠲᠡᠭᠡᠨ ᠵᠠᠰᠠᠬᠤ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠥᠨᠳᠥᠷ ᠬᠦᠦ ᠲᠠᠢ ᠵᠢᠭᠡᠯᠡᠯᠭᠡ ᠶᠢ ᠶᠡᠷᠦᠩᠬᠡᠶᠢᠯᠡᠨ ᠵᠠᠰᠠᠬᠤ ᠲᠤᠷᠰᠢᠯᠲᠠ ᠶᠢᠨ ᠭᠠᠵᠠᠷ ᠣᠷᠣᠨ ᠢᠶᠠᠷ ᠲᠤᠭᠲᠠᠭᠠᠭᠳᠠᠪᠠ
ᠨᠡᠶᠢᠲᠡᠯᠡᠭᠰᠡᠨ ᠴᠠᠭ᠄
2017/7/19
      ᠦᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ︽ᠮᠠᠯᠵᠢᠬᠤ ᠲᠠᠷᠢᠶᠠᠯᠠᠬᠤ ᠣᠷᠣᠨ ᠤ ᠥᠨᠳᠥᠷ ᠬᠦᠦ ᠲᠠᠢ ᠵᠢᠭᠡᠯᠡᠯᠭᠡ ᠶᠢ ᠶᠡᠷᠦᠩᠭᠡᠶᠢᠯᠡᠨ ᠵᠠᠰᠠᠬᠤ ᠠᠷᠭ᠎ᠠ ᠬᠡᠮᠵᠢᠶ᠎ᠡ ᠨᠦᠭᠦᠳ︾᠎ ᠤᠨ ᠲᠤᠬᠠᠢ ᠪᠢᠴᠢᠭ ᠮᠠᠲ᠋ᠧᠷᠢᠶᠠᠯ ᠢ ᠨᠡᠶᠢᠲᠡᠯᠡᠵᠤ᠂ ᠰᠢᠯᠢ ᠶᠢᠨ ᠭᠤᠣᠯ ᠠᠶᠢᠮᠠᠭ ᠢ ᠥᠪᠡᠷᠲᠡᠭᠡᠨ ᠵᠠᠰᠠᠬᠤ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠥᠨᠳᠥᠷ ᠬᠦᠦ ᠲᠠᠢ ᠵᠢᠭᠡᠯᠡᠯᠭᠡ ᠶᠢ ᠶᠡᠷᠦᠩᠬᠡᠶᠢᠯᠡᠨ ᠵᠠᠰᠠᠬᠤ ᠲᠤᠷᠰᠢᠯᠲᠠ ᠶᠢᠨ ᠭᠠᠵᠠᠷ ᠣᠷᠣᠨ ᠢᠶᠠᠷ ᠲᠤᠭᠲᠠᠭᠠᠵᠤ᠂ ᠲᠠᠪᠤᠨ ᠵᠦᠢᠯ ᠤᠨ ᠰᠢᠨ᠎ᠡ ᠶᠢ ᠡᠭᠦᠳᠬᠦ ᠲᠤᠷᠰᠢᠯᠲᠠ ᠶᠢᠨ ᠠᠵᠢᠯ ᠢ ᠥᠷᠨᠢᠭᠦᠯᠬᠦ ᠪᠠᠷ ᠪᠤᠯᠪᠠ᠃      ᠡᠨᠡ ᠵᠢᠯ ᠤᠨ ᠡᠬᠢ ᠪᠠᠷ᠂ ᠰᠢᠯᠢ ᠶᠢᠨ ᠭᠤᠣᠯ ᠠᠶᠢᠮᠠᠭ ᠮᠠᠯᠵᠢᠬᠤ ᠲᠠᠷᠢᠶᠠᠯᠠᠬᠤ ᠣᠷᠣᠨ ᠤ ᠠᠷᠠᠳ ᠤᠨ ᠬᠤᠭᠤᠷᠤᠨᠳᠤᠬᠢ ᠵᠢᠭᠡᠯᠡᠯᠭᠡ ᠶᠢᠨ ᠡᠮᠬᠢ ᠵᠢᠷᠤᠮ ᠢ ᠦᠨᠡᠨ ᠬᠦ ᠵᠢᠷᠤᠮᠵᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠠᠵᠤ ᠠᠬᠤᠶ ᠶᠢᠨ ᠬᠥᠭᠵᠢᠯᠲᠡ ᠶᠢ ᠠᠬᠢᠭᠤᠯᠵᠤ᠂ ᠲᠤᠷᠰᠢᠯᠲᠠ ᠶᠢᠨ ᠭᠠᠵᠠᠷ ᠣᠷᠣᠨ ᠤ ᠳᠠᠭᠠᠭᠤᠯᠬᠤ ᠦᠢᠯᠡᠳᠦᠯ ᠢᠶᠠᠨ ᠪᠠᠳᠠᠷᠠᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠠᠷᠠᠳ ᠤᠨ ᠬᠤᠭᠤᠷᠤᠨᠳᠤᠬᠢ ᠵᠢᠭᠡᠯᠡᠯᠭᠡ ᠶᠢ ᠴᠡᠭᠴᠡᠯᠡᠨ ᠵᠢᠷᠤᠮᠵᠢᠭᠤᠯᠬᠤ ᠠᠵᠢᠯ ᠢ ᠡᠷᠴᠢᠮᠲᠠᠢ ᠰᠠᠶᠢᠨ ᠬᠢᠭᠰᠡᠨ ᠪᠠᠶᠢᠨ᠎ᠠ᠃ ᠨᠢᠭᠡ ᠳᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠬᠦᠯᠪᠡ᠃ 4 ᠳ᠋ᠤᠭᠡᠷ ᠰᠠᠷ᠎ᠠ ᠠᠴᠠ ᠨᠠᠰᠢ᠂  ︽ᠰᠢᠯᠢ ᠶᠢᠨ ᠭᠤᠣᠯ ᠠᠶᠢᠮᠠᠭ ᠤᠨ ᠮᠠᠯᠵᠢᠬᠤ ᠲᠠᠷᠢᠶᠠᠯᠠᠬᠤ ᠣᠷᠣᠨ ᠤ ᠠᠷᠠᠳ ᠤᠨ ᠬᠤᠭᠤᠷᠤᠨᠳᠤᠬᠢ ᠵᠢᠭᠡᠯᠡᠯᠭᠡ ᠶᠢ ᠴᠡᠭᠴᠡᠯᠡᠨ ᠵᠢᠷᠤᠮᠵᠢᠭᠤᠯᠬᠤ ᠠᠵᠢᠯ ᠤᠨ ᠬᠡᠷᠡᠭᠵᠢᠭᠦᠯᠬᠦ ᠲᠥᠰᠦᠯ︾ ︽ᠰᠢᠯᠢ ᠶᠢᠨ ᠭᠤᠣᠯ ᠠᠶᠢᠮᠠᠭ ᠤᠨ ᠮᠠᠯᠵᠢᠬᠤ ᠲᠠᠷᠢᠶᠠᠯᠠᠬᠤ ᠣᠷᠣᠨ ᠤ ᠠᠷᠠᠳ ᠤᠨ ᠬᠤᠭᠤᠷᠤᠨᠳᠤᠬᠢ ᠵᠢᠭᠡᠯᠡᠯᠭᠡ ᠶᠢ ᠴᠡᠭᠴᠡᠯᠡᠨ ᠵᠢᠷᠤᠮᠵᠢᠭᠤᠯᠬᠤ ᠠᠵᠢᠯ ᠢ ᠰᠢᠮᠳᠠᠭᠤᠯᠤᠨ ᠪᠠᠶᠢᠴᠠᠭᠠᠬᠤ ᠠᠵᠢᠯ ᠤᠨ ᠲᠥᠰᠦᠯ︾ ︽ᠮᠠᠯᠵᠢᠬᠤ ᠲᠠᠷᠢᠶᠠᠯᠠᠬᠤ ᠣᠷᠣᠨ ᠳᠤ ᠲᠠᠩᠰᠠ ᠪᠤᠳᠤᠬᠤ ᠪᠠ ᠡᠳ᠋ ᠤᠨ ᠶᠠᠪᠤᠳᠠᠯ ᠢ ᠬᠠᠮᠢᠶᠠᠷᠬᠤ ᠠᠵᠢᠯ ᠢ ᠥᠷᠭᠡᠨ ᠳᠡᠯᠭᠡᠷ ᠭᠦᠨ ᠭᠦᠨᠵᠡᠭᠡᠶ ᠦᠷᠨᠢᠬᠦᠯᠬᠦ ᠲᠤᠬᠠᠶ ᠰᠢᠯᠢ ᠶᠢᠨ ᠭᠤᠣᠯ ᠠᠶᠢᠮᠠᠭ ᠤᠨ ᠵᠢᠯᠣᠭᠤᠳᠬᠤ ᠰᠠᠨᠠᠯ︾᠎ ᠢ ᠵᠠᠯᠭᠠᠭ᠎ᠠ ᠎ ᠪᠠᠷ ᠳᠠᠷᠤᠮᠠᠯᠯᠠᠨ ᠲᠠᠷᠬᠠᠭᠠᠵᠤ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠵᠤ᠂ ᠠᠵᠢᠯ ᠤᠨ ᠬᠠᠷᠢᠭᠤᠴᠠᠯᠭ᠎ᠠ ᠎ ᠪᠠᠨ ᠨᠠᠶᠢᠳᠠᠪᠤᠷᠢᠵᠢᠭᠤᠯᠪᠠ︔ ᠬᠤᠶᠠᠷ ᠲᠤ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠪᠠ᠃ ᠰᠢᠯᠢ ᠶᠢᠨ ᠭᠤᠣᠯ ᠠᠶᠢᠮᠠᠭ ᠤᠨ ᠮᠠᠯᠵᠢᠬᠤ ᠲᠠᠷᠢᠶᠠᠯᠠᠬᠤ ᠣᠷᠣᠨ ᠤ ᠠᠷᠠᠳ ᠤᠨ ᠬᠤᠭᠤᠷᠤᠨᠳᠤᠬᠢ ᠵᠢᠭᠡᠯᠡᠯᠭᠡ ᠶᠢᠨ ᠠᠵᠢᠯ ᠢ ᠴᠡᠭᠴᠡᠯᠡᠨ ᠵᠢᠷᠤᠮᠵᠢᠭᠤᠯᠬᠤ ᠤᠳᠤᠷᠢᠳᠬᠤ ᠳᠤᠭᠤᠶᠢᠯᠠᠩ ᠪᠠᠶᠢᠭᠤᠯᠵᠤ᠂ ᠪᠠᠶᠢᠳᠠᠯ ᠢ ᠤᠶᠢᠯᠠᠭᠠᠨ ᠪᠦᠷᠢᠳᠭᠡᠨ ᠳᠠᠩᠰᠠᠯᠠᠬᠤ᠂ ᠵᠢᠷᠤᠮᠵᠢᠭᠤᠯᠤᠨ ᠰᠢᠶᠳᠪᠦᠷᠢᠯᠡᠬᠦ᠂ ᠪᠠᠶᠢᠴᠠᠭᠠᠨ ᠳ᠋ᠦᠡᠭᠨᠡᠬᠦ ᠭᠤᠷᠪᠠᠨ ᠱᠠᠲᠤ ᠬᠤᠪᠢᠶᠠᠨ ᠰᠢᠯᠢ ᠶᠢᠨ ᠭᠤᠣᠯ ᠠᠶᠢᠮᠠᠭ ᠤᠨ ᠮᠠᠯᠵᠢᠬᠤ ᠲᠠᠷᠢᠶᠠᠯᠠᠬᠤ ᠣᠷᠣᠨ ᠤ ᠠᠷᠠᠳ ᠤᠨ ᠬᠤᠭᠤᠷᠤᠨᠳᠤᠬᠢ ᠵᠢᠭᠡᠯᠡᠯᠭᠡ ᠶᠢ ᠴᠡᠭᠴᠡᠯᠡᠨ ᠵᠢᠷᠤᠮᠵᠢᠭᠤᠯᠬᠤ ᠠᠵᠢᠯ ᠢ ᠨᠢᠭᠡᠳᠦᠯᠲᠡᠶ ᠲᠥᠯᠥᠪᠯᠡᠨ ᠵᠣᠬᠢᠴᠠᠭᠤᠯᠤᠨ ᠠᠬᠢᠭᠤᠯᠪᠠ︔ ᠭᠤᠷᠪᠠ ᠳᠤ ᠤᠬᠠᠭᠤᠯᠭ᠎ᠠ ᠬᠢᠵᠦ ᠬᠥᠲᠥᠯᠥᠨ ᠵᠢᠯᠣᠭᠤᠳᠬᠤ ᠪᠠᠨ ᠴᠢᠩᠭᠠᠳᠬᠠᠪᠠ᠃ ᠳᠠᠩᠰᠠ ᠪᠤᠳᠤᠬᠤ ᠪᠠ ᠡᠳ᠋ ᠤᠨ ᠶᠠᠪᠤᠳᠠᠯ ᠢ ᠬᠠᠮᠢᠶᠠᠷᠬᠤ᠂ ᠬᠠᠤᠯᠢ ᠪᠤᠰᠤ ᠪᠠᠷ ᠪᠡᠯᠡ ᠴᠤᠭᠯᠠᠭᠤᠯᠬᠤ ᠳᠤ ᠴᠣᠬᠢᠯᠲᠠ ᠦᠭᠭᠦ᠂ ᠮᠥᠩᠭᠦᠨ ᠭᠦᠢᠯᠭᠡᠭᠡᠨ ᠤ ᠮᠡᠳᠡᠯᠭᠡ ᠶᠢ ᠬᠥᠳᠡᠭᠡ ᠲᠤᠰᠬᠤᠨ ᠳᠤ ᠤᠬᠠᠭᠤᠯᠬᠤ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠮᠠᠯᠴᠢᠨ ᠲᠠᠷᠢᠶᠠᠴᠢᠳ ᠲᠤ ᠮᠥᠩᠭᠦᠨ ᠭᠦᠢᠯᠭᠡᠭᠡᠨ ᠤ ᠶᠡᠷᠦ ᠶᠢᠨ ᠮᠡᠳᠡᠯᠭᠡ ᠪᠤᠯᠤᠨ ᠡᠳ᠋ ᠤᠨ ᠶᠠᠪᠤᠳᠠᠯ ᠤᠨ ᠲᠣᠭᠠᠴᠠᠭᠠᠨ ᠤ ᠬᠥᠮᠦᠵᠢᠯ ᠪᠣᠯᠪᠠᠰᠤᠷᠠᠭᠤᠯᠤᠯ ᠢ ᠴᠢᠩᠭᠠᠳᠬᠠᠵᠤ᠂ ᠡᠳ᠋ ᠤᠨ ᠶᠠᠪᠤᠳᠠᠯ ᠢ ᠰᠢᠨᠵᠢᠯᠡᠬᠦ ᠤᠬᠠᠭᠠᠨᠴᠢ ᠪᠠᠷ ᠬᠠᠮᠢᠶᠠᠷᠬᠤ᠂ ᠵᠣᠬᠢᠰᠲᠠᠶ ᠪᠠᠷ ᠵᠢᠭᠡᠯᠡᠯᠭᠡ ᠲᠠᠯᠪᠢᠬᠤ ᠪᠠ ᠠᠶᠤᠯ ᠲᠦᠭᠰᠢᠭᠦᠷᠢ ᠶᠢ ᠢᠯᠭᠠᠨ ᠲᠠᠨᠢᠬᠤ ᠴᠢᠳᠠᠪᠤᠷᠢ ᠶᠢ ᠨᠢ ᠳᠡᠭᠡᠭᠰᠢᠯᠡᠭᠦᠯᠪᠡ︔ ᠲᠦᠷᠪᠡ ᠳᠤ᠂ ᠰᠢᠮᠳᠠᠭᠤᠯᠤᠨ ᠪᠠᠶᠢᠴᠠᠭᠠᠬᠤ ᠪᠠᠨ ᠴᠢᠩᠭᠠᠳᠬᠠᠪᠠ᠃ ᠰᠢᠯᠢ ᠶᠢᠨ ᠭᠤᠣᠯ ᠠᠶᠢᠮᠠᠭ ᠤᠨ ᠨᠠᠮ ᠤᠨ ᠬᠤᠷᠢᠶ᠎ᠠ ᠶᠢᠨ ᠰᠢᠮᠳᠠᠭᠤᠯᠤᠨ ᠪᠠᠶᠢᠴᠠᠭᠠᠬᠤ ᠠᠯᠪᠠᠨ ᠬᠡᠷ᠂ ᠵᠠᠬᠢᠷᠭ᠎ᠠ ᠶᠢᠨ ᠰᠢᠮᠳᠠᠭᠤᠯᠤᠨ ᠪᠠᠶᠢᠴᠠᠭᠠᠬᠤ ᠠᠯᠪᠠᠨ ᠬᠡᠷ᠂ ᠰᠢᠯᠢ ᠶᠢᠨ ᠭᠤᠣᠯ ᠠᠶᠢᠮᠠᠭ ᠤᠨ ᠨᠠᠮ ᠤᠨ ᠬᠤᠷᠢᠶ᠎ᠠ ᠶᠢᠨ ᠲᠠᠷᠢᠶᠠᠴᠢᠨ ᠠᠵᠢᠯᠴᠢᠨ ᠤ ᠬᠡᠯᠲᠡᠰ ᠭᠤᠷᠪᠠᠨ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠢ ᠪᠠᠶᠢᠭᠤᠯᠵᠤ᠂ 7 ᠳ᠋ᠤᠭᠠᠷ ᠰᠠᠷ᠎ᠠ ᠶᠢᠨ ᠡᠬᠢ᠂ 8 ᠳ᠋ᠤᠭᠠᠷ ᠰᠠᠷ᠎ᠠ ᠶᠢᠨ ᠡᠬᠢ᠂ 9 ᠳ᠋ᠤᠭᠡᠷ ᠰᠠᠷ᠎ᠠ ᠶᠢᠨ ᠡᠬᠢᠨ ᠢᠶᠠᠷ ᠰᠢᠯᠢ ᠶᠢᠨ ᠭᠤᠣᠯ ᠠᠶᠢᠮᠠᠭ ᠲᠤ ᠮᠠᠯᠵᠢᠬᠤ ᠲᠠᠷᠢᠶᠠᠯᠠᠬᠤ ᠣᠷᠣᠨ ᠤ ᠠᠷᠠᠳ ᠤᠨ ᠬᠤᠭᠤᠷᠤᠨᠳᠤᠬᠢ ᠵᠢᠭᠡᠯᠡᠯᠭᠡ ᠶᠢᠨ ᠲᠤᠬᠠᠢ ᠰᠢᠮᠳᠠᠭᠤᠯᠤᠨ ᠪᠠᠶᠢᠴᠠᠭᠠᠬᠤ ᠠᠵᠢᠯ ᠥᠷᠨᠢᠭᠦᠯᠵᠦ᠂ ᠪᠢᠴᠢᠭ ᠮᠠᠲ᠋ᠧᠷᠢᠶᠠᠯ ᠢ ᠪᠠᠶᠢᠴᠠᠭᠠᠨ ᠦᠵᠡᠬᠦ᠂ ᠲᠤᠬᠠᠶ ᠶᠢᠨ ᠭᠠᠵᠠᠷ ᠢᠶᠠᠷ ᠰᠤᠷᠪᠤᠯᠵᠢᠯᠠᠨ ᠪᠠᠶᠢᠴᠠᠭᠠᠬᠤ᠂ ᠰᠠᠷ᠎ᠠ ᠪᠠᠷ ᠲᠣᠬᠢᠷᠠᠭᠤᠯᠬᠤ ᠵᠡᠷᠭᠡ ᠰᠢᠮᠳᠠᠭᠤᠯᠤᠨ ᠪᠠᠶᠢᠴᠠᠭᠠᠬᠤ ᠠᠷᠭ᠎ᠠ ᠬᠡᠯᠪᠡᠷᠢ ᠪᠠᠷ᠂ ᠠᠵᠢᠯ ᠤᠨ ᠤᠷᠲᠤ ᠬᠤᠭᠤᠴᠠᠭ᠎ᠠ ᠬᠦᠴᠦᠨ ᠲᠠᠢ ᠪᠠᠶᠢᠬᠤ ᠶᠢ ᠤᠯᠠᠮ ᠨᠢᠭᠡ ᠠᠯᠬᠤᠮ ᠠᠳᠬᠤᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠵᠤ ᠪᠠᠷ ᠪᠤᠯᠪᠠ᠃ ᠲᠠᠪᠤ ᠳᠤ ᠬᠢᠨᠠᠨ ᠰᠢᠯᠭᠠᠭᠰᠠᠨ ᠦᠷ᠎ᠡ ᠠᠰᠢᠭ ᠢ ᠯᠠᠪᠯᠠᠬᠤ ᠶᠢ ᠴᠢᠩᠭᠠᠳᠬᠠᠪᠠ᠃ ᠠᠷᠠᠳ ᠤᠨ ᠬᠤᠭᠤᠷᠤᠨᠳᠤᠬᠢ ᠵᠢᠭᠡᠯᠡᠯᠭᠡ ᠶᠢ ᠴᠡᠭᠴᠡᠯᠡᠨ ᠵᠢᠷᠤᠮᠵᠢᠭᠤᠯᠬᠤ ᠠᠵᠢᠯ ᠢ ᠰᠢᠯᠢ ᠶᠢᠨ ᠭᠤᠣᠯ ᠠᠶᠢᠮᠠᠭ ᠤᠨ ᠡᠯ᠎ᠡ ᠬᠤᠰᠢᠭᠤ ᠰᠢᠶᠠᠨ ᠬᠤᠲᠠ ︵ᠲᠤᠭᠤᠷᠢᠭ︶᠎ ᠶᠢᠨ ᠨᠠᠮ ᠵᠠᠰᠠᠭ ᠤᠨ ᠤᠳᠤᠷᠢᠳᠬᠤ ᠪᠠᠭ ᠤᠨ ᠣᠨ ᠤ ᠬᠢᠨᠠᠨ ᠰᠢᠯᠭᠠᠬᠤ ᠪᠣᠳᠠᠲᠤ ᠪᠦᠲᠦᠮᠵᠢ ᠶᠢᠨ ᠨᠢᠭᠡ ᠠᠭᠤᠯᠭ᠎ᠠ ᠪᠤᠯᠭᠠᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号