ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠪᠠᠶᠢᠩᠭᠤ ᠶᠢᠨ ᠬᠤᠷᠢᠶ᠎ᠠ ᠶᠢᠨ ᠬᠤᠷᠠᠯ ᠬᠤᠷᠠᠯᠳᠤᠭᠤᠯᠵᠤ᠂ ᠪᠦᠬᠦ ᠤᠯᠤᠰ ᠤᠨ ᠮᠦᠩᠭᠦᠨ ᠬᠦᠢᠯᠭᠡᠭᠡᠨ ᠤ ᠠᠵᠢᠯ ᠤᠨ ᠬᠤᠷᠠᠯ ᠤᠨ ᠵᠤᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠤᠳᠤᠬᠠᠨ ᠤ ᠠᠵᠤ ᠠᠬᠤᠢ ᠶᠢᠨ ᠪᠠᠶᠢᠳᠠᠯ ᠪᠠ ᠠᠵᠤ ᠠᠬᠤᠢ ᠶᠢᠨ ᠠᠵᠢᠯ ᠢ ᠰᠤᠳᠤᠯᠪᠠ
ᠨᠡᠶᠢᠲᠡᠯᠡᠭᠰᠡᠨ ᠴᠠᠭ᠄
2017/7/19
     7 ᠳ᠋ᠤᠭᠠᠷ ᠰᠠᠷ᠎ᠠ ᠶᠢᠨ 18 ᠤ ᠡᠳᠦᠷ ᠤᠨ ᠦᠳᠡ ᠶᠢᠨ ᠬᠤᠶᠢᠨ᠎ᠠ᠂ ᠦᠪᠡᠷᠳᠡᠭᠡᠨ ᠵᠠᠰᠠᠬᠤ ᠤᠷᠤᠨ ᠤ ᠨᠠᠮ  ᠤᠨ ᠬᠤᠷᠢᠶ᠎ᠠ ᠪᠠᠶᠢᠩᠭᠤ ᠶᠢᠨ ᠬᠤᠷᠢᠶ᠎ᠠ ᠶᠢᠨ ᠬᠤᠷᠠᠯ ᠬᠤᠷᠠᠯᠳᠤᠭᠤᠯᠵᠤ᠂ ᠪᠦᠬᠦ ᠤᠯᠤᠰ ᠤᠨ ᠮᠦᠩᠭᠦᠨ ᠬᠦᠢᠯᠭᠡᠭᠡᠨ  ᠤ ᠠᠵᠢᠯ ᠤᠨ ᠬᠤᠷᠠᠯ ᠤᠨ ᠵᠤᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠤᠳᠤᠬᠠᠨ ᠤ ᠠᠵᠤ ᠠᠬᠤᠢ ᠶᠢᠨ ᠪᠠᠶᠢᠳᠠᠯ ᠪᠠ ᠠᠵᠤ ᠠᠬᠤᠢ ᠶᠢᠨ ᠠᠵᠢᠯ ᠢ ᠰᠤᠳᠤᠯᠪᠠ᠃ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠯᠢ ᠵᠢᠢ ᠾᠧᠩ ᠬᠤᠷᠠᠯ ᠡᠷᠬᠢᠯᠡᠪᠡ᠃      ᠬᠤᠷᠠᠯ ᠠᠴᠠ᠂ ᠡᠨᠡ ᠤᠳᠠᠭ᠎ᠠ ᠶᠢᠨ ᠪᠦᠬᠦ ᠤᠯᠤᠰ ᠤᠨ ᠮᠦᠩᠭᠦᠨ ᠬᠦᠢᠯᠭᠡᠭᠡᠨ ᠤ ᠠᠵᠢᠯ ᠤᠨ ᠬᠤᠷᠠᠯ ᠪᠤᠯ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠡᠮᠦᠨ᠎ᠠ ᠬᠤᠷᠠᠯᠳᠤᠭᠤᠯᠤᠬᠰᠠᠨ ᠨᠢᠭᠡ ᠤᠳᠠᠭ᠎ᠠ ᠶᠢᠨ ᠮᠠᠰᠢ ᠴᠢᠬᠤᠯᠠ ᠬᠤᠷᠠᠯ ᠪᠤᠯᠤᠨ᠎ᠠ᠃ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠢ ᠪᠠᠶᠢᠯᠳᠤᠬᠤ ᠪᠤᠳᠤᠯᠭ᠎ᠠ ᠪᠠ ᠪᠦᠬᠦ ᠲᠠᠯ᠎ᠠ ᠶᠢᠨ ᠦᠨᠳᠦᠷᠴᠡ ᠠᠴᠠ᠂ ᠲᠡᠤᠭᠡ ᠪᠠ ᠴᠠᠭ ᠦᠶ᠎ᠠ ᠶᠢᠨ ᠦᠷᠭᠡᠴᠡ ᠠᠴᠠ᠂ ᠤᠨᠤᠯ ᠪᠠ ᠦᠢᠯᠡᠳᠦᠯᠭᠡ ᠶᠢᠨ ᠬᠠᠷᠠᠭᠠᠰᠦ ᠠᠴᠠ ᠮᠦᠩᠭᠦᠨ ᠬᠦᠢᠯᠭᠡᠭᠡᠨ ᠤ ᠠᠵᠢᠯ ᠤᠨ ᠴᠢᠭᠯᠡᠯ ᠤᠨ ᠴᠢᠨᠠᠷ ᠲᠠᠢ᠂ ᠦᠨᠳᠦᠰᠦᠨ ᠴᠢᠨᠠᠷ ᠲᠠᠢ᠂ ᠪᠦᠬᠦ ᠲᠠᠯ᠎ᠠ ᠶᠢᠨ ᠴᠢᠨᠠᠷ ᠲᠠᠢ ᠴᠢᠬᠤᠯᠠ ᠠᠰᠠᠭᠤᠳᠠᠯ ᠤᠳ ᠢ ᠬᠦᠨᠵᠡᠭᠡᠢ ᠦᠭᠦᠯᠡᠵᠤ᠂ ᠮᠠᠰᠢ ᠴᠢᠩᠭ᠎ᠠ ᠤᠯᠤᠰ ᠲᠦᠷᠦᠴᠢ ᠴᠢᠨᠠᠷ᠂ ᠦᠵᠡᠯ ᠰᠠᠨᠠᠭᠠᠳᠦ ᠴᠢᠨᠠᠷ᠂ ᠵᠢᠯᠤᠭᠤᠳᠬᠤ ᠴᠢᠨᠠᠷ ᠪᠠ ᠴᠢᠭᠯᠡᠭᠦᠯᠦᠯᠳᠦ ᠴᠢᠨᠠᠷ ᠲᠠᠢ ᠪᠤᠯᠵᠤ᠂ ᠪᠢᠳᠡᠡ ᠳᠤ ᠮᠦᠩᠭᠦᠨ ᠬᠦᠢᠯᠭᠡᠭᠡᠨ ᠤ ᠦᠭᠡᠷᠡᠴᠢᠯᠡᠯᠳᠡ ᠬᠦᠭᠵᠢᠯᠳᠡ ᠶᠢ ᠠᠬᠢᠭᠤᠯᠬᠤ ᠳᠤ ᠤᠷᠤᠬᠰᠢᠯᠠᠯᠳᠠ ᠶᠢᠨ ᠴᠢᠭᠯᠡᠯ ᠢ ᠵᠢᠭᠠᠨ ᠦᠭᠴᠤ᠂ ᠦᠨᠳᠦᠰᠦᠨ ᠵᠢᠷᠤᠮᠯᠠᠯ ᠢ ᠬᠠᠩᠭᠠᠪᠠ᠃ ᠶᠡᠷᠦᠩᠬᠡᠢ ᠰᠠᠶᠢᠳ ᠯᠢ ᠺᠧ ᠴᠢᠶᠠᠩ ᠪᠤᠳᠠᠳᠤ ᠴᠤᠬᠴᠠ ᠶᠢᠨ ᠠᠵᠤ ᠠᠬᠤᠢ ᠳᠤ ᠦᠢᠯᠡᠴᠢᠯᠡᠭᠦ᠂ ᠮᠦᠩᠭᠦᠨ ᠬᠦᠢᠯᠭᠡᠭᠡᠨ ᠤ ᠠᠶᠤᠯ ᠲᠦᠭᠰᠢᠭᠦᠷᠢ ᠶᠢ ᠰᠡᠷᠬᠡᠶᠢᠯᠡᠨ ᠡᠵᠡᠮᠳᠡᠭᠦ᠂ ᠮᠦᠩᠭᠦᠨ ᠬᠦᠢᠯᠭᠡᠭᠡᠨ ᠤ ᠦᠭᠡᠷᠡᠴᠢᠯᠡᠯᠳᠡ ᠶᠢ ᠬᠦᠨᠵᠡᠭᠡᠶᠢᠷᠡᠭᠦᠯᠭᠦ ᠲᠤᠭᠤᠷᠢᠨ ᠳᠤ ᠲᠤᠳᠤᠷᠬᠠᠢ ᠱᠠᠭᠠᠷᠳᠠᠯᠭ᠎ᠠ ᠲᠤᠷᠠᠳᠴᠤ᠂ ᠪᠤᠳᠠᠳᠠᠢ ᠪᠠᠶᠢᠷᠢᠯᠠᠭᠤᠯᠤᠯᠳᠠ ᠬᠢᠵᠠᠢ᠃ ᠪᠦᠬᠦ ᠤᠷᠤᠨ ᠤ ᠡᠯ᠎ᠠ ᠱᠠᠳᠤ ᠡᠯ᠎ᠠ ᠰᠠᠯᠠᠭ᠎ᠠ ᠮᠦᠴᠢᠷ ᠤᠨ ᠬᠢᠨ ᠪᠦᠬᠦ ᠤᠯᠤᠰ ᠤᠨ ᠮᠦᠩᠭᠦᠨ ᠬᠦᠢᠯᠭᠡᠭᠡᠨ ᠤ ᠠᠵᠢᠯ ᠤᠨ ᠬᠤᠷᠠᠯ ᠤᠨ ᠵᠤᠷᠢᠭ ᠰᠠᠨᠠᠭ᠎ᠠ ᠶᠢ ᠬᠦᠨᠵᠡᠭᠡᠢ ᠰᠤᠷᠤᠯᠴᠠᠨ ᠲᠤᠤᠱᠯᠠᠭᠤᠯᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠦᠨᠡᠨᠭᠦ ᠨᠠᠮ ᠤᠨ ᠲᠦᠪ ᠬᠤᠷᠢᠶ᠎ᠠ ᠶᠢᠨ ᠰᠢᠢᠳᠪᠦᠷᠢᠳᠦ ᠪᠤᠳᠤᠯᠭ᠎ᠠ ᠪᠠᠶᠢᠷᠢᠯᠠᠭᠤᠯᠤᠯᠳᠠ ᠲᠡᠭᠡᠷ᠎ᠡ ᠨᠢᠭᠡᠳᠭᠡᠵᠤ᠂ ᠮᠦᠩᠭᠦᠨ ᠬᠦᠢᠯᠭᠡᠭᠡᠨ ᠤ ᠠᠵᠢᠯ ᠤᠨ ᠲᠦᠢᠯ ᠤᠨ ᠴᠢᠬᠤᠯᠠ ᠴᠢᠨᠠᠷ ᠢ ᠬᠦᠢᠴᠡᠳ ᠲᠠᠨᠢᠵᠤ᠂ ᠤᠳᠤᠬᠠᠨ ᠤ ᠮᠦᠩᠭᠦᠨ ᠬᠦᠢᠯᠭᠡᠭᠡᠨ ᠤ ᠪᠠᠶᠢᠳᠠᠯ ᠤᠨ ᠲᠤᠬᠠᠢ ᠲᠦᠪ ᠤᠨ ᠵᠠᠳᠠᠯᠤᠯᠳᠠ ᠮᠠᠭᠠᠳᠯᠠᠯᠳᠠ ᠶᠢ ᠬᠦᠨᠵᠡᠭᠡᠢ ᠤᠶᠢᠯᠠᠭᠠᠵᠤ᠂ ᠲᠦᠪ ᠤᠨ ᠮᠦᠩᠭᠦᠨ ᠬᠦᠢᠯᠭᠡᠭᠡᠨ ᠤ ᠦᠭᠡᠷᠡᠴᠢᠯᠡᠯᠳᠡ ᠬᠦᠭᠵᠢᠯᠳᠡ ᠶᠢ ᠠᠬᠢᠭᠤᠯᠬᠤ ᠲᠤᠬᠠᠢ ᠲᠦᠷᠦ ᠶᠢᠨ ᠪᠣᠳᠣᠯᠭ᠎ᠠ ᠴᠢᠭᠯᠡᠯᠳᠡ ᠶᠢ ᠵᠦᠪ ᠤᠨᠤᠪᠴᠢᠳᠠᠢ ᠡᠵᠡᠮᠰᠢᠵᠤ᠂ ᠮᠦᠩᠭᠦᠨ ᠬᠦᠢᠯᠭᠡᠭᠡᠨ ᠤ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠴᠢᠩᠭᠠᠳᠬᠠᠬᠤ ᠲᠦᠪ ᠤᠨ ᠲᠤᠳᠤᠷᠬᠠᠢ ᠱᠠᠭᠠᠷᠳᠠᠯᠭ᠎ᠠ ᠶᠢ ᠬᠢᠨᠠᠮᠠᠭᠠᠢ ᠨᠡᠶᠢᠳᠡᠪᠦᠷᠢᠵᠢᠭᠤᠯᠵᠤ᠂ ᠪᠦᠬᠦ ᠤᠷᠤᠨ ᠤ ᠮᠦᠩᠭᠦᠨ ᠬᠦᠢᠯᠭᠡᠭᠡᠨ ᠤ ᠠᠵᠢᠯ ᠢ ᠯᠠᠪᠳᠠᠭᠤᠨ ᠪᠠᠳᠤᠳᠠᠢ ᠰᠠᠶᠢᠳᠤᠷ ᠬᠢᠵᠤ᠂ ᠠᠵᠤ ᠠᠬᠤᠢ ᠪᠠ ᠮᠦᠩᠭᠦᠨ ᠬᠦᠢᠯᠭᠡᠭᠡᠨ ᠤ ᠰᠠᠶᠢᠨ ᠤᠷᠴᠢᠯ ᠲᠠᠢ ᠪᠠ ᠡᠷᠡᠭᠦᠯ  ᠢᠶᠠᠷ ᠬᠦᠭᠵᠢᠬᠦ ᠶᠢ ᠠᠬᠢᠭᠤᠯᠬᠤ ᠬᠡᠷᠡᠭᠳᠡᠢ᠃ ᠬᠠᠮᠢᠶᠠᠳᠠᠭᠤᠯᠤᠨ ᠬᠠᠮᠢᠶᠠᠷᠬᠤ ᠮᠦᠩᠭᠦᠨ ᠬᠦᠢᠯᠭᠡᠭᠡᠨ ᠤ ᠬᠢᠨᠠᠨ ᠬᠠᠮᠢᠶᠠᠷᠤᠯᠳᠠ ᠪᠠ ᠠᠶᠤᠯ ᠲᠦᠭᠰᠢᠭᠦᠷᠢ ᠶᠢ ᠰᠢᠢᠳᠪᠦᠷᠢᠯᠡᠭᠦ ᠬᠠᠷᠢᠭᠤᠴᠠᠯᠭ᠎ᠠ ᠪᠠᠨ ᠦᠨᠡᠨᠭᠦ ᠬᠦᠢᠴᠡᠳᠭᠡᠵᠤ᠂ ᠤᠳᠤ ᠠᠴᠠ ᠡᠬᠢᠯᠡᠨ ᠬᠢᠵᠤ᠂ ᠬᠠᠮᠤᠭ ᠤᠨ ᠲᠤᠪᠤᠶᠢᠮ᠎ᠠ ᠠᠰᠠᠭᠤᠳᠠᠯ ᠠᠴᠠ ᠡᠬᠢᠯᠡᠨ ᠠᠳᠬᠤᠵᠣ᠂ ᠡᠯ᠎ᠡ ᠵᠦᠢᠯ ᠤᠨ ᠠᠶᠤᠯ ᠲᠦᠭᠰᠢᠭᠦᠷᠢ ᠬᠡᠮ ᠰᠤᠭᠤᠭ ᠢ ᠱᠠᠯᠠᠪᠳᠠᠨ ᠠᠷᠢᠯᠭᠠᠵᠤ᠂ ᠮᠦᠩᠭᠦᠨ ᠬᠦᠢᠯᠭᠡᠭᠡᠨ ᠢ ᠬᠦᠳᠦᠯᠦᠨ ᠵᠢᠯᠤᠭᠤᠳᠴᠤ ᠪᠠᠶᠢᠭᠠᠳ ᠪᠤᠳᠠᠳᠤ ᠴᠤᠬᠴᠠ ᠶᠢᠨ ᠠᠵᠤ ᠠᠬᠤᠢ ᠳᠤ ᠦᠢᠯᠡᠴᠢᠯᠡᠭᠦᠯᠭᠦ ᠡᠷᠴᠢᠮ ᠢ ᠴᠢᠩᠭᠠᠷᠠᠭᠤᠯᠦᠨ᠂ ︽ᠪᠤᠳᠠᠳᠣ ᠴᠣᠭᠴᠠ ᠠᠴᠠ ᠰᠠᠯᠤᠩᠬᠢᠷᠠᠵᠤ ᠬᠡᠶᠢᠰᠪᠦᠷᠢ ᠪᠤᠯᠬᠤ︾ ᠦᠵᠡᠭᠳᠡᠯ ᠢ ᠡᠷᠡᠰ ᠬᠤᠷᠢᠬᠯᠠᠵᠤ᠂ ᠤᠷᠤᠨ ᠪᠦᠰᠡ ᠶᠢᠨ ᠴᠢᠨᠠᠷᠳᠠᠢ ᠮᠦᠩᠭᠦᠨ ᠬᠦᠢᠯᠭᠡᠭᠡᠨ ᠤ ᠠᠶᠤᠯ ᠲᠦᠭᠰᠢᠭᠦᠷᠢ ᠡᠭᠦᠰᠭᠦ ᠦᠭᠡᠢ ᠪᠠᠶᠢᠬᠤ ᠬᠤᠷᠢᠭ᠎ᠠ ᠱᠤᠭᠤᠮ ᠢ ᠡᠷᠡᠰ ᠰᠠᠬᠢᠬᠤ ᠬᠡᠷᠡᠭᠳᠡᠢ ᠬᠡᠵᠤ ᠵᠢᠭᠠᠵᠤ ᠭᠠᠷᠭᠠᠪᠠ᠃      ᠬᠤᠷᠠᠯ ᠠᠴᠠ᠂ ᠡᠨᠡ ᠵᠢᠯ ᠠᠴᠠ ᠨᠠᠰᠢ᠂ ᠤᠷᠤᠨ ᠲᠠᠶᠠᠭᠠᠷ ᠢᠶᠠᠷ ᠢᠶᠠᠨ ᠲᠦᠪ ᠤᠨ ᠡᠯ᠎ᠠ ᠵᠦᠢᠯ ᠤᠨ ᠰᠢᠢᠳᠪᠦᠷᠢᠳᠦ ᠪᠤᠳᠤᠯᠭ᠎ᠠ ᠪᠠᠶᠢᠷᠢᠯᠠᠭᠤᠯᠤᠯᠳᠠ ᠶᠢ ᠬᠦᠨᠵᠡᠭᠡᠢ ᠲᠤᠤᠱᠯᠠᠭᠤᠯᠤᠨ ᠨᠡᠶᠢᠳᠡᠪᠦᠷᠢᠵᠢᠭᠤᠯᠵᠤ᠂ ᠲᠤᠬᠳᠠᠭᠤᠨ  ᠤ ᠲᠤᠮᠳᠠ ᠤᠷᠤᠬᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠳᠠᠯᠠᠨ ᠨᠡᠮᠡᠭᠳᠡᠯ ᠢ ᠳᠣᠭᠳᠠᠪᠣᠷᠢᠵᠢᠭᠤᠯᠬᠤ᠂ ᠦᠭᠡᠷᠡᠴᠢᠯᠡᠯᠳᠡ ᠶᠢ ᠠᠬᠢᠭᠤᠯᠬᠤ᠂ ᠪᠦᠳᠦᠴᠡ ᠶᠢ ᠲᠤᠬᠢᠷᠠᠭᠤᠯᠬᠤ᠂ ᠠᠷᠠᠳ ᠤᠨ ᠠᠮᠢᠳᠤᠷᠠᠯ ᠢ ᠬᠠᠷᠠᠭᠠᠯᠵᠠᠬᠤ᠂ ᠠᠶᠤᠯ ᠲᠦᠭᠰᠢᠭᠦᠷᠢ ᠶᠢ ᠰᠡᠷᠬᠡᠶᠢᠯᠡᠭᠦ ᠡᠯ᠎ᠠ ᠵᠦᠢᠯ ᠤᠨ ᠠᠵᠢᠯ ᠢ ᠨᠢᠭᠡᠳᠦᠯᠳᠡᠢ ᠲᠥᠯᠥᠪᠵᠢᠭᠦᠯᠦᠨ ᠰᠠᠶᠢᠳᠤᠷ ᠬᠢᠵᠤ᠂ ᠪᠦᠬᠦ ᠤᠷᠤᠨ ᠤ ᠠᠵᠤ ᠠᠬᠤᠢ ᠶᠢᠨ ᠡᠷᠬᠢᠯᠳᠡ ᠲᠤᠬᠳᠠᠭᠤᠨ ᠤ ᠲᠤᠮᠳᠠ ᠰᠠᠶᠢᠵᠢᠷᠠᠬᠤ ᠬᠦᠭᠵᠢᠯᠳᠡ ᠶᠢᠨ ᠬᠠᠨᠳᠤᠰᠢ ᠶᠢ ᠦᠷᠭᠦᠯᠵᠢᠯᠡᠨ ᠪᠠᠳᠣᠯᠠᠵᠣ᠂ ᠲᠤᠬᠳᠠᠭᠤᠨ ᠪᠠᠶᠢᠬᠤ ᠪᠠᠶᠢᠳᠠᠯ ᠨᠡᠩ ᠪᠠᠬᠢᠵᠢᠨ ᠰᠠᠶᠢᠵᠢᠷᠠᠬᠤ ᠪᠠᠶᠢᠳᠠᠯ ᠨᠡᠩ ᠢᠯᠡᠷᠬᠡᠢ ᠪᠤᠯᠵᠤ᠂ ᠭᠤᠤᠯ ᠪᠣᠯᠬᠤ ᠠᠵᠤ ᠠᠬᠤᠢ ᠶᠢᠨ ᠭᠦᠢᠴᠡᠳᠭᠡᠬᠦ ᠲᠤᠭ᠎ᠠ ᠶᠢᠨ ᠨᠡᠮᠡᠭᠳᠡᠯ ᠤᠨ ᠬᠤᠷᠳᠤᠴᠠ ᠵᠤᠬᠢᠰᠳᠠᠢ ᠬᠡᠪᠴᠢᠶᠠᠨ ᠳᠤ ᠤᠷᠤᠰᠢᠵᠤ ᠪᠤᠢ᠃ ᠡᠭᠦᠨ ᠤ ᠬᠠᠮᠳᠤ᠂ ᠠᠵᠤ ᠠᠬᠤᠢ ᠶᠢᠨ ᠨᠡᠮᠡᠭᠳᠡᠯ ᠤᠨ ᠰᠠᠭᠤᠷᠢ ᠪᠠᠬᠢ ᠪᠣᠰᠣ᠂ ᠠᠵᠤ ᠠᠬᠤᠢ ᠶᠢᠨ ᠡᠷᠬᠢᠯᠳᠡ ᠲᠤᠮᠳᠠ ᠪᠠᠰᠠ ᠡᠳᠦᠢ ᠲᠡᠳᠦᠢ ᠠᠰᠠᠭᠤᠳᠠᠯ ᠤᠷᠤᠰᠢᠵᠤ ᠪᠣᠢ᠃ ᠡᠯ᠎ᠠ ᠱᠠᠳᠤ ᠡᠯ᠎ᠠ ᠰᠠᠯᠠᠭ᠎ᠠ ᠮᠦᠴᠢᠷ ᠤᠨ ᠬᠢᠨ ᠢᠳᠡᠭᠡᠯ ᠵᠤᠷᠢᠭ ᠢᠶᠠᠨ ᠪᠠᠳᠤᠳᠬᠠᠨ ᠡᠷᠴᠢ ᠵᠣᠷᠢᠭ ᠢᠶᠠᠨ ᠬᠦᠪᠴᠢᠯᠡᠵᠦ᠂ ᠠᠰᠠᠭᠤᠳᠠᠯ ᠳᠤ ᠵᠦᠪ ᠬᠠᠨᠳᠤᠨ ᠬᠦᠴᠢᠷ ᠢ ᠰᠦᠷᠦᠨ ᠤᠷᠤᠬᠰᠢᠯᠠᠵᠤ᠂ ᠠᠵᠤ ᠠᠬᠤᠢ ᠶᠢᠨ ᠡᠷᠭᠢᠯᠲᠡ ᠳᠠᠬᠢ ᠵᠠᠳᠠᠯᠤᠯᠳᠠ ᠬᠡᠮᠵᠢᠯᠳᠡ ᠪᠠ ᠵᠤᠬᠢᠴᠠᠭᠤᠯᠭ᠎ᠠ ᠪᠠᠨ ᠴᠢᠩᠭᠠᠳᠬᠠᠨ᠂ ᠰᠠᠭᠤᠷᠢ ᠲᠦᠭᠦᠭᠡᠷᠦᠮᠵᠢ ᠶᠢᠨ ︽ᠲᠤᠯᠤᠭᠠᠨ ᠲᠤᠤᠷ︾ ᠪᠠ ᠪᠠᠶᠢᠯᠳᠤᠬᠤ ᠪᠤᠳᠤᠯᠭ᠎ᠠ ᠶᠢᠨ ᠴᠢᠨᠠᠷᠳᠠᠢ ᠰᠢᠨ᠎ᠠ ᠪᠠᠷ ᠮᠠᠨᠳᠤᠵᠣ ᠪᠠᠶᠢᠭ᠎ᠠ ︽ᠲᠤᠯᠤᠭᠠᠨ ᠦᠢᠯᠡᠰ︾ ᠵᠡᠷᠭᠡ ᠭᠤᠤᠯᠳᠠᠯᠭ᠎ᠠ ᠲᠠᠢ ᠬᠦᠷᠢᠶᠡᠨ ᠤ ᠪᠡᠯᠡ ᠤᠷᠤᠭᠤᠯᠤᠯᠳᠠ ᠪᠠ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ ᠶᠢ ᠲᠤᠪᠤᠶᠢᠯᠭᠠᠨ ᠠᠳᠬᠤᠵᠤ᠂ ᠠᠵᠤ ᠦᠢᠯᠡᠳᠪᠦᠷᠢ ᠶᠢᠨ ᠠᠵᠤ ᠠᠬᠤᠢ ᠶᠢᠨ ᠡᠷᠬᠢᠯᠳᠡ ᠶᠢ ᠪᠦᠬᠦ ᠬᠦᠴᠦᠨ ᠢᠶᠠᠷ ᠲᠤᠬᠳᠠᠪᠤᠷᠢᠵᠢᠭᠤᠯᠤᠨ ᠭᠠᠩ ᠬᠠᠭᠰᠠᠷᠠᠭᠠᠨ ᠲᠠᠢ ᠲᠡᠮᠡᠴᠡᠵᠤ ᠭᠠᠮᠰᠢᠭ ᠤᠨ ᠬᠤᠬᠢᠷᠠᠯ ᠢ ᠪᠠᠭᠠᠰᠬᠠᠬᠤ ᠪᠠ ᠮᠠᠯᠴᠢᠨ ᠲᠠᠷᠢᠶᠠᠴᠢᠨ ᠤ ᠤᠷᠤᠯᠭ᠎ᠠ ᠶᠢᠨ ᠨᠡᠮᠡᠭᠳᠡᠯ ᠢ ᠠᠬᠢᠭᠤᠯᠬᠤ ᠠᠵᠢᠯ ᠢ ᠬᠦᠴᠦᠯᠡᠨ ᠰᠠᠶᠢᠳᠤᠷ ᠬᠢᠵᠤ᠂ ᠬᠠᠩᠭᠠᠯᠭ᠎ᠠ ᠶᠢᠨ ᠲᠠᠯ᠎ᠠ ᠶᠢᠨ ᠪᠦᠳᠦᠴᠡ ᠶᠢᠨ ᠴᠢᠨᠠᠷᠳᠠᠢ ᠦᠭᠡᠷᠡᠴᠢᠯᠡᠯᠳᠡ᠂ ᠬᠤᠷᠢᠨᠬᠡᠷ ᠰᠢᠨ᠎ᠠ ᠲᠤᠭᠤᠷᠢᠭ ᠤᠨ ᠪᠦᠳᠦᠭᠡᠨ ᠪᠠᠶᠢᠭᠤᠯᠤᠯᠳᠠ᠂ ᠤᠷᠤᠨ ᠪᠦᠰᠡ ᠶᠢᠨ ᠵᠤᠬᠢᠴᠠᠩᠭᠤᠢ ᠬᠦᠭᠵᠢᠯᠳᠡ᠂ ᠦᠭᠡᠷᠡᠴᠢᠯᠡᠯᠳᠡ ᠨᠡᠭᠡᠭᠡᠯᠳᠡ ᠶᠢ ᠬᠦᠨᠵᠡᠭᠡᠶᠢᠷᠡᠭᠦᠯᠭᠦ᠂ ᠠᠷᠠᠳ ᠤᠨ ᠠᠮᠢᠳᠤᠷᠠᠯ ᠢ ᠪᠠᠳᠤᠯᠠᠨ ᠰᠠᠶᠢᠵᠢᠷᠠᠭᠤᠯᠬᠤ᠂ ᠨᠡᠶᠢᠭᠡᠮ ᠤᠨ ᠲᠤᠬᠳᠠᠭᠤᠨ ᠢ ᠬᠠᠮᠠᠭᠠᠯᠠᠬᠤ ᠵᠡᠷᠭᠡ ᠭᠤᠤᠯᠳᠠᠯᠭ᠎ᠠ ᠲᠠᠢ ᠠᠵᠢᠯ ᠢ ᠨᠢᠭᠡᠳᠦᠯᠳᠡᠢ ᠲᠦᠯᠦᠪᠵᠢᠭᠦᠯᠦᠨ ᠠᠬᠢᠭᠤᠯᠵᠤ᠂ ᠦᠨᠡᠨᠭᠦ ᠲᠤᠪᠤᠶᠢᠮ᠎ᠠ ᠠᠰᠠᠭᠤᠳᠠᠯ ᠢ ᠰᠠᠶᠢᠳᠤᠷ ᠰᠢᠢᠳᠪᠦᠷᠢᠯᠡᠨ ᠰᠠᠶᠢᠵᠢᠷᠠᠬᠤ ᠬᠠᠨᠳᠤᠰᠢ ᠪᠠᠨ ᠰᠠᠶᠢᠳᠤᠷ ᠪᠠᠳᠤᠯᠠᠵᠣ᠂ ᠵᠢᠯ ᠤᠨ ᠬᠠᠷᠠᠯᠳᠠ ᠪᠠᠨ ᠰᠠᠶᠢᠳᠤᠷ ᠪᠡᠶᠡᠯᠡᠭᠦᠯᠭᠦ ᠬᠡᠷᠡᠭᠳᠡᠢ᠃ ᠠᠵᠤ ᠠᠬᠤᠢ ᠨᠡᠶᠢᠭᠡᠮ ᠤᠨ ᠬᠦᠭᠵᠢᠯᠳᠡ ᠶᠢ ᠠᠬᠢᠭᠤᠯᠬᠤ ᠶᠢ ᠲᠤᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠳᠤᠷ ᠠᠳᠬᠤᠬᠤ ᠯᠤᠭ᠎ᠠ ᠨᠢᠬᠳᠠ ᠤᠶᠠᠯᠳᠤᠭᠤᠯᠤᠨ ᠬᠠᠮᠳᠣ ᠳᠤᠨᠢ ᠠᠳᠬᠤᠨ ᠬᠠᠮᠳᠤ ᠳᠤᠨᠢ ᠠᠬᠢᠭᠤᠯᠵᠤ᠂ ᠰᠢᠯᠢᠳᠡᠭ ᠠᠮᠵᠢᠯᠳᠡ ᠪᠠᠷ ᠢᠶᠠᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠠᠮᠵᠢᠯᠳᠡ ᠲᠠᠢ ᠬᠤᠷᠠᠯᠳᠤᠬᠤ ᠶᠢ ᠤᠬᠳᠤᠵᠤ ᠦᠪᠡᠷᠳᠡᠭᠡᠨ ᠵᠠᠰᠠᠬᠤ ᠤᠷᠤᠨ ᠪᠠᠶᠢᠭᠤᠯᠤᠬᠳᠠᠬᠰᠠᠨ 70 ᠵᠢᠯ ᠤᠨ ᠤᠢ ᠶᠢ ᠪᠡᠯᠭᠡᠯᠡᠭᠦ ᠬᠡᠷᠡᠭᠳᠡᠢ ᠬᠡᠵᠤ ᠵᠢᠭᠠᠵᠤ ᠭᠠᠷᠭᠠᠵᠠᠢ᠃      ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠪᠠ᠃
 
ᠢᠷᠡᠯᠲᠡ᠄ ᠥᠪᠥᠷ ᠮᠣᠩᠭᠤᠯ ᠤᠨ ᠡᠳᠦᠷ  ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号