ᠥᠪᠥᠷ ᠮᠣᠩᠭᠤᠯ ᠮᠣᠩᠭᠤᠯ ᠬᠢᠲᠠᠳ ᠬᠤᠤᠰ ᠬᠡᠯᠡᠨ ᠤ ᠬᠠᠤᠯᠢ ᠴᠠᠭᠠᠵᠠ ᠶᠢᠨ ᠦᠢᠯᠡᠴᠢᠯᠡᠭᠡᠨ ᠤ ᠰᠢᠰᠲ᠋ᠧᠮᠵᠢ ᠶᠢ ᠲᠡᠭᠦᠯᠳᠡᠷᠵᠢᠬᠦᠯᠬᠦ ᠪᠠᠷ ᠪᠠᠶᠢᠨ᠎ᠠ
ᠨᠡᠶᠢᠲᠡᠯᠡᠭᠰᠡᠨ ᠴᠠᠭ᠄
2017/7/21
      7 ᠳ᠋ᠤᠭᠠᠷ ᠰᠠᠷ᠎ᠠ ᠶᠢᠨ 16-17᠎ ᠤ ᠡᠳᠦᠷ ᠪᠤᠯᠲᠠᠯ᠎ᠠ᠂ ᠪᠦᠬᠦ ᠤᠯᠤᠰ ᠤᠨ ᠬᠠᠤᠯᠢ ᠴᠠᠭᠠᠵᠠ ᠶᠢᠨ ᠲᠢᠩᠬᠢᠮ ︵ᠲᠣᠪᠴᠢᠶ᠎ᠠ︶᠎ ᠤᠨ ᠳᠠᠷᠤᠭ᠎ᠠ ᠨᠠᠷ ᠤᠨ ᠶᠠᠷᠢᠯᠴᠠᠬᠤ ᠬᠤᠷᠠᠯ ᠬᠠᠷᠠᠮᠥ᠋ᠷᠡᠨ ᠮᠤᠵᠢ ᠳᠤ ᠬᠤᠷᠠᠯᠳᠤᠵᠤ᠂ ᠥᠪᠥᠷ ᠮᠣᠩᠭᠤᠯ ᠤᠨ ᠬᠠᠤᠯᠢ ᠴᠠᠭᠠᠵᠠ ᠶᠢᠨ ᠲᠢᠩᠬᠢᠮ ᠤᠨ ᠨᠠᠮ ᠤᠨ ᠬᠤᠷᠢᠶ᠎ᠠ ᠶᠢᠨ ᠱᠦᠵᠢ ᠪᠢᠯᠢᠭᠬᠦᠦ ᠶᠠᠷᠢᠯᠴᠠᠬᠤ ᠬᠤᠷᠠᠯ ᠳᠡᠭᠡᠷ᠎ᠡ ᠥᠪᠥᠷ ᠮᠣᠩᠭᠤᠯ ᠤᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠠᠵᠢᠯ ᠤᠨ ᠬᠤᠶᠢᠰᠢᠳᠠ ᠶᠢᠨ ᠬᠥᠭᠵᠢᠯᠲᠡ ᠶᠢᠨ ᠲᠠᠯ᠎ᠠ ᠪᠠᠷ ᠶᠠᠷᠢᠶ᠎ᠠ ᠲᠠᠯᠪᠢᠭᠰᠠᠨ ᠪᠠᠶᠢᠨ᠎ᠠ᠃ ᠪᠢᠯᠢᠭᠬᠦᠦ ᠢᠯᠡᠳᠭᠡᠭᠰᠡᠨ ᠨᠢ᠂ ᠶᠠᠭᠤᠨ ᠤ ᠡᠮᠦᠨ᠎ᠡ ᠮᠣᠩᠭᠤᠯ ᠬᠢᠲᠠᠳ ᠬᠤᠤᠰ ᠬᠡᠯᠡᠨ ᠤ ᠬᠠᠤᠯᠢ ᠴᠠᠭᠠᠵᠠ ᠶᠢᠨ ᠦᠢᠯᠡᠴᠢᠯᠡᠭᠡᠨ ᠤ ᠠᠴᠢᠶᠠᠯᠠᠭᠴᠢ ᠶᠢ ᠲᠡᠭᠦᠯᠳᠡᠷᠵᠢᠬᠦᠯᠦᠨ᠎ᠡ᠃ ᠥᠪᠥᠷ ᠮᠣᠩᠭᠤᠯ ᠤᠨ ᠬᠠᠤᠯᠢ ᠴᠠᠭᠠᠵᠠ ᠶᠢᠨ ᠲᠢᠩᠬᠢᠮ ᠣᠶᠢᠷ᠎ᠠ ᠳᠤ ᠲᠤᠰᠬᠠᠶ ᠪᠠᠶᠢᠭᠤᠯᠤᠮᠵᠢ ᠪᠠᠶᠢᠭᠤᠯᠵᠤ᠂ ᠮᠣᠩᠭᠤᠯ ᠬᠢᠲᠠᠳ ᠬᠤᠤᠰ ᠬᠡᠯᠡᠨ ᠤ ᠬᠠᠤᠯᠢ ᠴᠠᠭᠠᠵᠠ ᠶᠢᠨ ᠲᠤᠯᠢ ᠪᠢᠴᠢᠭ ᠨᠠᠶᠢᠷᠠᠭᠤᠯᠤᠨ ᠲᠤᠭᠤᠷᠪᠢᠬᠤ ᠪᠠᠷ ᠪᠠᠶᠢᠨ᠎ᠠ᠃ ᠮᠣᠩᠭᠤᠯ ᠬᠠᠤᠯᠢ ᠴᠠᠭᠠᠵᠠ ᠶᠢᠨ ᠦᠢᠯᠡᠴᠢᠯᠡᠭᠡᠨ ᠤ ᠰᠦᠯᠵᠢᠶᠡᠨ ᠤ ᠨᠢᠭᠤᠷ ᠢ ᠨᠡᠮᠡᠭᠳᠡᠭᠦᠯᠵᠦ᠂ ᠮᠣᠩᠭᠤᠯ ᠬᠢᠲᠠᠳ ᠬᠤᠤᠰ ᠬᠡᠯᠡᠨ ᠤ ᠬᠠᠤᠯᠢ ᠴᠠᠭᠠᠵᠠ ᠶᠢᠨ ᠣᠷᠴᠢᠭᠤᠯᠭ᠎ᠠ ᠶᠢᠨ ᠰᠢᠰᠲ᠋ᠧᠮ ᠢ ᠬᠠᠶᠢᠨ ᠰᠦᠪᠡᠭᠴᠢᠯᠡᠨ ᠬᠡᠷᠡᠭᠯᠡᠵᠤ᠂ ᠰᠦᠯᠵᠢᠶᠡᠨ ᠤ ᠬᠠᠤᠯᠢ ᠴᠠᠭᠠᠵᠠ ᠶᠢᠨ ᠦᠢᠯᠡᠴᠢᠯᠡᠭᠡ ᠶᠢ ᠳᠥᠭᠦᠮ ᠳᠥᠲᠡ ᠪᠣᠯᠭᠠᠬᠤ ᠶᠢ ᠠᠬᠢᠭᠤᠯᠤᠨ᠎ᠠ᠃ ᠳᠠᠷᠠᠭᠠᠯᠠᠪᠠᠯ ᠬᠤᠣᠰ ᠬᠡᠯᠡᠨ ᠤ ᠬᠠᠤᠯᠢ ᠴᠠᠭᠠᠵᠠ ᠶᠢᠨ ᠦᠢᠯᠡᠴᠢᠯᠡᠭᠡᠨ ᠤ ᠡᠩᠨᠡᠭᠡ ᠶᠢ ᠶᠡᠭᠡ ᠪᠠᠷ ᠪᠤᠶᠢᠵᠢᠭᠤᠯᠤᠨ᠎ᠠ᠃ 2016 ᠣᠨ ᠤ ᠵᠢᠯ ᠤᠨ ᠰᠡᠭᠦᠯᠴᠢ ᠳᠤ᠂ ᠪᠦᠬᠦ ᠤᠷᠤᠨ ᠳᠤ ᠨᠡᠶᠢᠲᠡ 6117 ᠠᠵᠢᠯ ᠡᠷᠬᠢᠯᠡᠬᠦ ᠬᠠᠤᠯᠢᠴᠢ ᠲᠠᠢ ᠪᠠᠶᠢᠵᠤ᠂ ᠡᠭᠦᠨ ᠳᠤ ᠮᠣᠩᠭᠤᠯ ᠦᠨᠳᠦᠰᠦᠲᠡᠨ ᠤ ᠬᠠᠤᠯᠢᠴᠢ 662 ᠬᠥᠮᠦᠨ᠂ ᠮᠣᠩᠭᠤᠯ ᠬᠢᠲᠠᠳ ᠬᠤᠣᠰ ᠬᠡᠯᠡ ᠪᠠᠷ ᠬᠠᠤᠯᠢ ᠴᠠᠭᠠᠵᠠ ᠶᠢᠨ ᠦᠢᠯᠡᠴᠢᠯᠡᠭᠡ ᠬᠠᠨᠭ᠍ᠭᠠᠵᠤ ᠴᠢᠳᠠᠬᠤ ᠨᠢ ᠵᠥᠪᠬᠡᠨ 265 ᠬᠥᠮᠦᠨ ᠯᠡ ᠪᠠᠶᠢᠵᠤ᠂ ᠪᠦᠬᠦ ᠣᠷᠣᠨ ᠤ ᠦᠨᠳᠦᠰᠦᠨ ᠱᠠᠲᠤᠨ ᠤ ᠬᠠᠤᠯᠢ ᠴᠠᠭᠠᠵᠠ ᠶᠢᠨ ᠦᠢᠯᠡᠴᠢᠯᠡᠭᠡᠨ ᠤ ᠠᠵᠢᠯᠳᠠᠨ ᠤ ᠳᠣᠲᠣᠷ᠎ᠠ ᠮᠣᠩᠭᠤᠯ ᠬᠢᠲᠠᠳ ᠬᠤᠣᠰ ᠬᠡᠯᠡ ᠪᠠᠷ ᠬᠠᠤᠯᠢ ᠴᠠᠭᠠᠵᠠ ᠶᠢᠨ ᠦᠢᠯᠡᠴᠢᠯᠡᠭᠡ ᠬᠠᠨᠭ᠍ᠭᠠᠵᠤ ᠴᠢᠳᠠᠬᠤ ᠨᠢ ᠵᠥᠪᠬᠡᠨ 221 ᠬᠥᠮᠦᠨ ᠪᠠᠶᠢᠪᠠ᠃ ᠡᠨᠡ ᠬᠦ ᠠᠰᠠᠭᠤᠳᠠᠯ ᠢ ᠰᠢᠶᠳᠪᠦᠷᠢᠯᠡᠬᠦ ᠶᠢᠨ ᠲᠤᠯᠠᠳᠠ᠂ ᠥᠪᠥᠷ ᠮᠣᠩᠭᠤᠯ ᠤᠨ ᠬᠠᠤᠯᠢ ᠴᠠᠭᠠᠵᠠ ᠶᠢᠨ ᠲᠢᠩᠬᠢᠮ ᠮᠣᠩᠭᠤᠯ ᠬᠢᠲᠠᠳ ᠬᠤᠣᠰ ᠬᠡᠯᠡᠨ ᠤ ᠵᠠᠯᠠᠭᠤ ᠬᠠᠤᠯᠢᠴᠢ ᠨᠠᠷ ᠢ ᠪᠤᠶᠢᠵᠢᠭᠤᠯᠬᠤ ᠰᠠᠭᠤᠷᠢᠨ ᠭᠠᠵᠠᠷ ᠤᠨ ᠪᠥᠳᠥᠭᠡᠨ ᠪᠠᠶᠢᠭᠤᠯᠤᠯᠲᠠ ᠶᠢ ᠶᠡᠬᠡᠪᠡᠷ ᠳᠥᠯᠭᠢᠨ ᠠᠬᠢᠭᠤᠯᠵᠤ᠂ ᠵᠢᠯ ᠪᠦᠷᠢ 100 ᠨᠡᠷᠡᠰ ᠮᠣᠩᠭᠤᠯ ᠬᠢᠲᠠᠳ ᠬᠤᠤᠰ ᠬᠡᠯᠡᠨ ᠤ ᠵᠠᠯᠠᠭᠤ ᠬᠠᠤᠯᠢᠴᠢ ᠨᠠᠷ ᠢ ᠰᠢᠯᠢᠨ ᠰᠣᠩᠭᠤᠵᠤ ᠪᠤᠯᠪᠠᠰᠤᠷᠠᠭᠤᠯᠤᠨ᠎ᠠ ᠬᠡᠵᠠᠢ᠃      ᠳᠠᠷᠠᠭᠠᠴᠢ ᠶᠢᠨ ᠠᠯᠬᠤᠮ ᠳᠤ᠂ ᠥᠪᠥᠷ ᠮᠣᠩᠭᠤᠯ ᠤᠨ ᠬᠠᠤᠯᠢ ᠴᠠᠭᠠᠵᠠ ᠶᠢᠨ ᠲᠢᠩᠬᠢᠮ ᠮᠠᠯᠵᠢᠬᠤ ᠲᠠᠷᠢᠶᠠᠯᠠᠬᠤ ᠤᠷᠤᠨ ᠤ ᠬᠠᠤᠯᠢ ᠴᠠᠭᠠᠵᠠ ᠶᠢᠨ ᠦᠢᠯᠡᠴᠢᠯᠡᠭᠡᠨ ᠤ ᠭᠠᠵᠠᠷ ᠢ ᠬᠦᠭᠵᠢᠬᠦᠯᠵᠤ᠂ ᠰᠦᠯᠵᠢᠶᠡᠨ ᠳᠡᠭᠡᠷ᠎ᠡ ᠬᠠᠤᠯᠢ ᠴᠠᠭᠠᠵᠠ ᠶᠢᠨ ᠵᠥᠪᠯᠡᠯᠭᠡ ᠥᠭᠬᠦ ᠠᠵᠢᠯ ᠢ ᠢᠳᠡᠪᠬᠢᠲᠡᠶ ᠥᠷᠨᠢᠭᠦᠯᠵᠦ᠂ ᠬᠦᠴᠢᠷ ᠲᠦᠪᠡᠭᠲᠡᠶ ᠬᠡᠷᠡᠭ ᠢ ᠠᠯᠤᠰ ᠠᠴᠠ ᠵᠢᠯᠤᠭᠤᠳᠤᠨ ᠡᠶᠡᠳᠡᠭᠦᠯᠵᠦ᠂ ᠦᠨᠳᠦᠰᠦᠨ ᠱᠠᠲᠤᠨ ᠳᠤ ᠬᠠᠤᠯᠢ ᠴᠠᠭᠠᠵᠠ ᠶᠢᠨ ᠴᠢᠳᠠᠪᠤᠷᠢᠲᠠᠨ ᠳᠤᠲᠠᠭᠳᠠᠵᠤ ᠪᠠᠶᠢᠭ᠎ᠠ ᠶᠠᠪᠤᠳᠠᠯ ᠪᠤᠯᠤᠨ ᠲᠤᠰᠬᠠᠶ ᠮᠡᠷᠭᠡᠵᠢᠯ ᠤᠨ ᠬᠢᠷᠢ ᠲᠦᠪᠰᠢᠨ ᠥᠨᠳᠥᠷ ᠪᠤᠰᠤ ᠪᠠᠶᠢᠭ᠎ᠠ ᠳᠤᠲᠠᠭᠤᠳᠠᠯ ᠢ ᠨᠦᠬᠦᠪᠦᠷᠢᠯᠡᠬᠦ ᠪᠠᠷ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号