ᠪᠠᠶᠠᠷ ᠤᠨ ᠡᠳᠦᠷ᠂ ᠥᠪᠡᠷ ᠤᠨ ᠥᠷᠲᠡᠭ᠂ ᠬᠠᠩᠭᠠᠯᠭ᠎ᠠ ᠬᠡᠷᠡᠭᠴᠡᠭᠡ ᠵᠡᠷᠭᠡ ᠬᠠᠮᠲᠤ ᠶᠢᠨ ᠨᠥᠯᠥᠭᠡᠯᠡᠯ ᠢᠶᠠᠷ᠂ | ᠡᠨᠡ ᠵᠢᠯ ᠤᠨ ᠳᠡᠭᠡᠷ᠎ᠡ ᠬᠠᠭᠠᠰ ᠵᠢᠯ ᠳᠤ ᠥᠪᠥᠷ ᠮᠣᠩᠭᠤᠯ ᠤᠨ ᠭᠤᠣᠯ ᠢᠳᠡᠭᠡᠨ ᠤ ᠵᠦᠢᠯ ᠤᠨ ᠦᠨ᠎ᠡ ᠬᠠᠩᠰᠢ ᠶᠢᠨ | ᠠᠵᠢᠯᠯᠠᠭᠠᠨ ᠶᠡᠷᠦᠩᠬᠡᠶ ᠳᠡᠭᠡᠨ ᠲᠣᠭᠲᠠᠭᠤᠨ ᠪᠣᠯᠪᠠᠴᠤ ᠪᠠᠭ᠎ᠠ ᠪᠠᠭᠤᠷᠠᠯᠲᠠ ᠲᠠᠢ ᠪᠣᠯᠪᠠ᠃ ᠵᠢᠯ ᠤᠨ | ᠡᠬᠢᠨ ᠤ ᠬᠢ ᠲᠠᠢ ᠬᠠᠷᠢᠴᠠᠭᠤᠯᠪᠠᠯ᠂ ᠬᠢᠨᠠᠨ ᠬᠡᠮᠵᠢᠭᠰᠡᠨ ᠲᠠᠪᠤᠨ ᠶᠡᠭᠡ ᠲᠥᠷᠥᠯ ᠤᠨ 31 ᠵᠦᠢᠯ ᠤᠨ ᠳᠣᠲᠣᠷ᠎ᠠ | 24 ᠨᠢ ᠪᠠᠭᠤᠷᠠᠵᠤ 7 ᠨᠢ ᠥᠰᠪᠡ᠃ ᠡᠭᠦᠨ ᠳᠤ᠄ ᠭᠠᠭ᠋ᠠᠶ ᠶᠢᠨ ᠮᠢᠬ᠎ᠠ᠂ ᠥᠨᠳᠡᠭᠡ᠂ ᠢᠳᠡᠰᠢᠨ ᠨᠣᠭᠤᠭ᠎ᠠ ᠶᠢᠨ | ᠦᠨ᠎ᠡ ᠢᠯᠡᠳᠲᠡ ᠪᠠᠭᠤᠷᠠᠵᠠᠢ᠃ ᠨᠢᠳᠤᠨᠤᠨ ᠤ ᠳᠡᠭᠡᠷ᠎ᠡ ᠬᠠᠭᠠᠰ ᠵᠢᠯ ᠤᠨ ᠬᠢ ᠲᠠᠢ ᠬᠠᠷᠢᠴᠠᠭᠤᠯᠪᠠᠯ᠂ | ᠨᠣᠭᠤᠭ᠎ᠠ ᠶᠢᠨ ᠦᠷ᠎ᠡ ᠶᠢᠨ ᠲᠣᠰᠣ᠂ ᠦᠬᠡᠷ ᠤᠨ ᠮᠢᠬ᠎ᠠ᠂ ᠬᠤᠨᠢᠨ ︵ᠢᠮᠠᠭᠠᠨ︶ ᠮᠢᠬ᠎ᠠ᠂ ᠤᠰᠤᠨ ᠭᠠᠷᠤᠯᠲᠠ᠂ | ᠪᠤᠭᠤᠳᠠᠯᠯᠠᠲᠤ ᠦᠨᠢᠶᠡᠨ ᠰᠦ ᠶᠢᠨ ᠦᠨ᠎ᠡ ᠨᠢ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ ᠥᠰᠥᠭᠰᠡᠨ ᠢ | ᠭᠠᠷᠭᠠᠪᠠᠯ᠂ ᠳ᠋ᠧᠦᠹᠦ᠋ ᠶᠢᠨ ᠦᠨ᠎ᠡ ᠨᠢ ᠬᠤᠪᠢᠷᠠᠯᠲᠠ ᠭᠠᠷᠤᠭᠰᠠᠨ ᠦᠭᠡᠶ᠂ ᠪᠤᠰᠤᠳ ᠡᠯ᠎ᠡ ᠵᠦᠢᠯ ᠤᠨ ᠦᠨ᠎ᠡ | ᠬᠠᠩᠰᠢ ᠶᠢᠨ ᠬᠢᠷᠢ ᠲᠦᠪᠰᠢᠨ ᠨᠢ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ ᠪᠠᠭᠤᠷᠠᠭᠰᠠᠨ ᠪᠠᠶᠢᠨ᠎ᠠ᠃ |