ᠦᠪᠦᠷ ᠮᠣᠩᠭᠤᠯ ᠤᠨ 20 ᠦᠵᠡᠮᠵᠢ ᠶᠢᠨ ᠣᠷᠣᠨ ᠤ ᠡᠭᠦᠳᠡᠨ ᠪᠢᠯᠧᠲ ᠳᠤ ᠵᠠᠬ᠎ᠠ ᠳᠡᠯᠭᠡᠭᠦᠷ ᠤᠨ ᠲᠣᠬᠢᠷᠠᠭᠤᠯᠤᠯᠲᠠ ᠶᠢᠨ ᠦᠨ᠎ᠡ ᠶᠢ ᠬᠡᠷᠡᠭᠵᠢᠭᠦᠯᠪᠡ
ᠨᠡᠶᠢᠲᠡᠯᠡᠭᠰᠡᠨ ᠴᠠᠭ᠄
2017/7/21
      ᠥᠪᠥᠷ ᠮᠣᠩᠭᠤᠯ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠤ ᠡᠭᠦᠳᠡᠨ ᠪᠢᠯᠧᠲ ᠵᠡᠷᠭᠡ ᠦᠢᠯᠡᠴᠢᠯᠡᠭᠡᠨ ᠤ ᠦᠨ᠎ᠡ ᠬᠠᠩᠰᠢ ᠶᠢᠨ ᠥᠭᠡᠷᠡᠴᠢᠯᠡᠯᠲᠡ ᠶᠢ ᠠᠬᠢᠭᠤᠯᠵᠦ᠂ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠬᠥᠭᠵᠢᠭᠡᠨ᠂ ᠵᠢᠭᠤᠯᠴᠢᠯᠠᠯ ᠤᠨ ᠦᠢᠯᠡᠰ ᠤᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠶᠢᠨ ᠲᠤᠰᠠᠳᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ ᠣᠷᠴᠢᠮᠬᠠᠨ ︽ᠨᠢᠭᠡ ᠪᠥᠯᠥᠭ ᠦᠵᠡᠮᠵᠢ ᠶᠢᠨ ᠣᠷᠣᠨ ᠤ ᠡᠭᠦᠳᠡᠨ ᠪᠢᠯᠧᠲ ᠵᠢᠴᠢ ᠬᠠᠮᠢᠶ᠎ᠠ ᠪᠥᠬᠦᠢ ᠦᠢᠯᠡᠴᠢᠯᠡᠭᠡᠨ ᠤ ᠦᠨ᠎ᠡ ᠬᠠᠩᠰᠢ ᠶᠢᠨ ᠬᠠᠮᠢᠶᠠᠷᠤᠯᠲᠠ ᠶᠢ ᠴᠢᠯᠥᠭᠡᠲᠡᠶ ᠲᠠᠯᠪᠢᠬᠤ ᠲᠤᠬᠠᠶ ︵ᠬᠤᠶᠠᠳᠤᠭᠠᠷ ᠪᠦᠯᠦᠭ︶ ᠮᠡᠳᠡᠭᠳᠡᠯ︾ ︵ᠳᠣᠷᠣᠭᠰᠢ ︽ᠮᠡᠳᠡᠭᠳᠡᠯ︾ ᠭᠡᠵᠦ ᠲᠣᠪᠴᠢᠯᠠᠨ᠎ᠠ︶ ᠨᠡᠶᠢᠲᠡᠯᠡᠪᠡ᠃      ︽ᠮᠡᠳᠡᠭᠳᠡᠯ︾᠎ ᠳᠤ ᠲᠣᠳᠣᠷᠬᠠᠶᠢᠯᠠᠭᠰᠠᠨ ᠨᠢ᠂ 9 ᠳ᠋ᠦ᠋ᠭᠡᠷ ᠰᠠᠷ᠎ᠠ ᠶᠢᠨ 1᠎ ᠤ ᠡᠳᠦᠷ ᠠᠴᠠ ᠡᠬᠢᠯᠡᠨ᠂ ᠪᠦᠷᠢᠶ᠎ᠡ ᠮᠠᠩᠬᠠᠨ ᠤ ᠵᠢᠭᠤᠯᠴᠢᠯᠠᠯ ᠤᠨ ᠣᠷᠣᠨ᠂ ᠬᠠᠩᠭᠢᠨ ᠬᠤᠰᠢᠭᠤ ᠶᠢᠨ ᠲᠤᠯᠤᠭᠠᠨ ᠲᠣᠯᠪᠣᠲᠤ ᠨᠠᠭᠤᠷ ᠡᠯᠡᠰᠦ ᠮᠠᠩᠬᠠᠨ ᠤ ᠠᠮᠢ ᠠᠬᠤᠶ ᠶᠢᠨ ᠵᠢᠭᠤᠯᠴᠢᠯᠠᠯ ᠤᠨ ᠤᠷᠤᠨ᠂ ᠣᠷᠳᠣᠰ ᠤᠨ ᠬᠡᠭᠡᠷ᠎ᠡ ᠶᠢᠨ ᠠᠮᠢᠳᠡᠨ ᠤ ᠬᠦᠷᠢᠶᠡᠯᠡᠩ᠂ ᠭᠡᠭᠡᠨ ᠭᠤᠣᠯ ᠤᠨ ᠮᠣᠳᠣᠨ ᠭᠡᠷ ᠤᠨ ᠠᠮᠠᠷᠠᠯᠲᠠ ᠶᠢᠨ ᠲᠣᠰᠬᠤᠨ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤ ᠶᠢᠨ ᠬᠦᠶᠲᠡᠨ ᠰᠢᠯᠢ ᠶᠢᠨ ᠰᠢᠷ᠎ᠠ ᠭᠤᠤ ᠠᠮᠢ ᠠᠬᠤᠶ ᠶᠢᠨ ᠴᠡᠴᠡᠷᠯᠢᠭ᠂ ᠪᠠᠷᠠᠭᠤᠨ ᠦᠵᠦᠮᠦᠴᠢᠨ ᠬᠤᠰᠢᠭᠤ ᠶᠢᠨ ︽ᠰᠡᠷᠭᠦᠯᠡᠩ ᠬᠠᠷᠠᠭᠠᠲᠤ︾ ᠵᠢᠭᠤᠯᠴᠢᠯᠠᠯ ᠤᠨ ᠦᠵᠡᠮᠵᠢ ᠶᠢᠨ ᠣᠷᠣᠨ ᠪᠣᠯᠤᠨ ᠬᠥᠯᠥᠨ ᠪᠤᠶᠢᠷ ᠤᠨ ᠪᠥᠬᠦᠳᠡ ᠶᠢ ᠵᠠᠬᠢᠷᠤᠭᠴᠢ ᠳᠡᠳ᠋ ᠲᠦᠰᠢᠮᠡᠯ ᠤᠨ ᠶᠠᠮᠤᠨ ᠵᠡᠷᠭᠡ 20 ᠦᠵᠡᠮᠵᠢ ᠶᠢᠨ ᠤᠷᠤᠨ ᠤ ᠤᠤᠯ ᠳᠠᠭᠠᠨ ᠵᠠᠰᠠᠭ ᠤᠨ ᠣᠷᠳᠣᠨ ᠤ ᠵᠢᠯᠣᠭᠤᠳᠣᠯᠭ᠎ᠠ ᠶᠢᠨ ᠦᠨ᠎ᠡ ᠪᠠᠷ ᠬᠠᠮᠢᠶᠠᠷᠴᠤ ᠪᠠᠶᠢᠭᠰᠠᠨ ᠡᠭᠦᠳᠡᠨ ᠪᠢᠯᠧᠲ ᠵᠢᠴᠢ ᠪᠣᠰᠣᠳ ᠦᠢᠯᠡᠴᠢᠯᠡᠭᠡᠨ ᠤ ᠦᠨ᠎ᠡ ᠬᠠᠩᠰᠢ ︵ᠬᠤᠶᠠᠳᠤᠭᠠᠷ ᠪᠦᠯᠦᠭ︶᠎ ᠶᠢ ᠤᠯᠠᠮ ᠴᠢᠯᠦᠭᠡᠲᠡᠢ ᠲᠠᠯᠪᠢᠵᠦ᠂ ᠵᠠᠬ᠎ᠠ ᠳᠡᠯᠭᠡᠭᠦᠷ ᠤᠨ ᠲᠣᠬᠢᠷᠠᠭᠤᠯᠤᠯᠲᠠ ᠶᠢᠨ ᠦᠨ᠎ᠡ ᠶᠢ ᠬᠡᠷᠡᠭᠵᠢᠭᠦᠯᠤᠨ᠎ᠠ ᠭᠡᠵᠡᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号