ᠥᠪᠥᠷ ᠮᠣᠩᠭᠤᠯ ᠪᠣᠯ ᠡᠬᠡ ᠤᠯᠤᠰ ᠤᠨ ᠤᠮᠠᠷᠠᠲᠤ ᠣᠷᠣᠨ ᠳᠤ ᠪᠠᠶᠢᠷᠢᠯᠠᠵᠤ᠂ ᠵᠡᠭᠦᠨ ᠬᠤᠶᠢᠲᠤ ᠣᠷᠣᠨ᠂ | ᠤᠮᠠᠷᠠᠲᠤ ᠣᠷᠣᠨ᠂ ᠪᠠᠷᠠᠭᠤᠨ ᠬᠤᠶᠢᠲᠤ ᠣᠷᠣᠨ ᠢ ᠰᠤᠨᠳᠠᠯᠠᠭᠰᠠᠨ᠂ ᠮᠠᠨ ᠤ ᠤᠯᠤᠰ ᠤᠨ ᠤᠮᠠᠷᠠᠲᠤ ᠣᠷᠣᠨ ᠤ | ᠲᠠᠯᠠᠪᠠᠢ ᠪᠠᠷ ᠬᠠᠮᠤᠭ ᠶᠡᠭᠡ᠂ ᠲᠦᠷᠦᠯ ᠵᠦᠢᠯ ᠬᠠᠮᠤᠭ ᠤᠨ ᠪᠦᠷᠢᠨ ᠠᠮᠢ ᠠᠬᠤᠶ ᠶᠢᠨ ᠴᠢᠳᠠᠮᠵᠢᠲᠤ ᠣᠷᠣᠨ ᠪᠣᠯᠣᠨ᠎ᠠ᠂ | ︽ᠭᠤᠷᠪᠠᠨ ᠤᠮᠠᠷᠠᠲᠤ︾ ᠶᠢᠨ ᠭᠠᠵᠠᠷ ᠣᠷᠣᠨ ᠤ ᠴᠢᠬᠤᠯᠠ ᠠᠮᠢ ᠠᠬᠤᠶ ᠶᠢᠨ ᠬᠠᠮᠠᠭᠠᠯᠠᠯᠲᠠ ᠶᠢᠨ ᠱᠤᠭᠤᠮ | ᠪᠣᠯᠣᠨ᠎ᠠ︔ ᠲᠣᠲᠣᠭᠠᠲᠣ ᠳᠠᠭᠠᠨ 8 ᠮᠤᠵᠢ ᠣᠷᠣᠨ ᠯᠤᠭ᠎ᠠ ᠬᠥᠷᠰᠢᠯᠡᠵᠦ᠂ ᠭᠠᠳᠠᠭᠰᠢ ᠪᠠᠨ ᠤᠷᠤᠰ ᠪᠣᠯᠤᠨ | ᠮᠣᠩᠭᠤᠯ ᠤᠯᠤᠰ ᠲᠠᠢ ᠵᠠᠬ᠎ᠠ ᠨᠡᠶᠢᠯᠡᠵᠦ᠂ 4200 ᠭᠠᠷᠤᠢ ᠺᠢᠯᠣᠮᠧᠲᠷ ᠬᠢᠯᠢ ᠶᠢᠨ ᠱᠤᠭᠤᠮ ᠲᠠᠢ ᠪᠠᠶᠢᠵᠤ᠂ ᠡᠬᠡ | ᠤᠯᠤᠰ ᠤᠨ ︽ᠤᠮᠠᠷᠠᠲᠤ ᠲᠣᠮᠣ ᠬᠠᠭᠠᠯᠭ᠎ᠠ︾᠂ ᠨᠡᠶᠢᠰᠯᠡᠯ ᠬᠤᠲᠠ ᠶᠢᠨ ︽ᠬᠤᠳᠠ ᠬᠠᠮᠠᠭᠠᠯᠠᠬᠤ ᠭᠤᠣᠯ︾ | ᠪᠣᠯᠣᠨ᠎ᠠ᠃ | ᠣᠶᠢᠷ᠎ᠠ ᠶᠢᠨ 10 ᠰᠢᠬᠠᠮ ᠵᠢᠯ ᠤᠨ ᠲᠤᠷᠰᠢ᠂ ᠥᠪᠥᠷ ᠮᠣᠩᠭᠤᠯ ᠤᠢ ᠰᠢᠭᠤᠶ ᠶᠢᠨ ᠠᠮᠢ ᠠᠬᠤᠶ ᠶᠢᠨ | ᠪᠥᠳᠥᠭᠡᠨ ᠪᠠᠶᠢᠭᠤᠯᠤᠯᠲᠠ ᠶᠢᠨ ᠲᠠᠯᠠᠪᠠᠢ ᠶᠢ ᠨᠡᠶᠢᠲᠡ 1.04 ᠳ᠋ᠦᠩᠰᠢᠭᠤᠷ ᠮᠦ ᠪᠡᠶᠡᠯᠡᠭᠦᠯᠵᠦ᠂ ᠵᠢᠯ ᠪᠦᠷᠢ | ᠳᠤᠮᠳᠠᠴᠢ ᠪᠠᠷ 1000 ᠭᠠᠷᠤᠶ ᠲᠦᠮᠡᠨ ᠮᠦ ᠪᠡᠶᠡᠯᠡᠭᠦᠯᠪᠡ︔ ᠣᠶ ᠰᠢᠭᠤᠶ ᠶᠢᠨ ᠲᠠᠯᠠᠪᠠᠶ ᠪᠣᠯᠤᠨ ᠣᠶ ᠮᠣᠳᠣ ᠶᠢᠨ | ᠬᠠᠳᠠᠭᠠᠯᠠᠭᠳᠠᠴᠠ ᠶᠢᠨ ᠬᠡᠮᠵᠢᠶ᠎ᠡ ᠦᠷᠭᠦᠯᠵᠢᠯᠡᠨ ᠨᠡᠮᠡᠭᠳᠡᠵᠦ᠂ ᠪᠦᠬᠦ ᠤᠯᠤᠰ ᠤᠨ ᠴᠡᠪᠡᠷ ᠨᠡᠮᠡᠭᠳᠡᠯ ᠤᠨ ᠲᠠᠯᠠᠪᠠᠢ ᠶᠢᠨ | ᠠᠷᠪᠠᠨ ᠤ ᠨᠢᠭᠡ ᠰᠢᠬᠠᠮ ᠢ ᠡᠵᠡᠯᠡᠵᠦ᠂ ᠤᠢ ᠰᠢᠭᠤᠶ ᠶᠢᠨ ᠪᠦᠷᠬᠦᠴᠡ ᠶᠢᠨ ᠨᠤᠷᠮ᠎ᠠ ᠶᠢ 1.03 ᠵᠠᠭᠤᠨ ᠤ ᠴᠡᠭ | ᠨᠡᠮᠡᠭᠳᠡᠭᠦᠯᠪᠡ︔ ᠪᠦᠬᠦ ᠣᠷᠣᠨ ᠤ ᠴᠥᠯᠡᠷᠬᠡᠭᠵᠢᠭᠰᠡᠨ ᠪᠠ ᠡᠯᠡᠰᠦᠷᠬᠡᠭᠵᠢᠭᠰᠡᠨ ᠭᠠᠵᠠᠷ ᠰᠢᠷᠣᠶ ᠶᠢᠨ ᠲᠠᠯᠠᠪᠠᠢ ᠨᠢ | ᠲᠤᠰ ᠲᠤᠰ 2009 ᠣᠨ ᠤ ᠬᠢ ᠠᠴᠠ 625 ᠲᠦᠮᠡᠨ ᠮᠥ ᠪᠠ 515 ᠲᠦᠮᠡᠨ ᠮᠥ ᠪᠠᠭᠠᠰᠴᠤ᠂ ᠭᠤᠷᠪᠠᠨ ᠤ | ᠬᠤᠶᠠᠷ ᠰᠢᠬᠠᠮ ᠲᠠᠷᠢᠶᠠᠨ ᠭᠠᠵᠠᠷ ᠨᠢ ᠤᠢ ᠰᠢᠭᠤᠶ ᠶᠢᠨ ᠲᠣᠣᠷᠵᠢᠭᠤᠯᠤᠯ ᠤᠨ ᠬᠠᠮᠠᠭᠠᠯᠠᠯᠲᠠ ᠲᠠᠢ ᠪᠣᠯᠵᠤ᠂ 1.5 | ᠳ᠋ᠦᠩᠰᠢᠭᠤᠷ ᠮᠦ ᠦᠨᠳᠦᠰᠦᠨ ᠬᠠᠳᠤᠯᠠᠩ ᠪᠡᠯᠴᠢᠭᠡᠷ ᠨᠢ ᠤᠢ ᠮᠣᠳᠣ ᠪᠠᠷ ᠬᠠᠮᠠᠭᠠᠯᠠᠭᠳᠠᠵᠤ᠂ 2.6 ᠳ᠋ᠦᠩᠰᠢᠭᠤᠷ | ᠮᠥ ᠰᠠᠯᠬᠢ ᠡᠯᠡᠰᠦᠨ ᠳᠤ ᠡᠪᠳᠡᠭᠳᠡᠭᠰᠡᠨ ᠲᠠᠯᠠᠪᠠᠢ ᠪᠣᠯᠣᠨ 1.5 ᠳ᠋ᠦᠩᠰᠢᠭᠤᠷ ᠮᠦ ᠬᠥᠷᠥᠰᠥ ᠰᠢᠷᠣᠶ ᠶᠢᠨ | ᠡᠯᠡᠭᠳᠡᠯ ᠤᠨ ᠲᠠᠯᠠᠪᠠᠢ ᠠᠩᠬ᠎ᠠ ᠠᠯᠬᠤᠮ ᠵᠠᠰᠠᠭᠳᠠᠵᠤ᠂ ᠠᠮᠢ ᠠᠬᠤᠶ ᠶᠢᠨ ᠪᠦᠲᠦᠭᠡᠨ ᠪᠠᠶᠢᠭᠤᠯᠤᠯᠲᠠ ᠳᠤ ︽ᠪᠦᠬᠦᠯᠢ | ᠴᠣᠭᠴᠠ ᠶᠢᠨ ᠮᠠᠭᠤᠳᠠᠯ ᠤᠳᠠᠭᠠᠰᠢᠷᠠᠵᠤ᠂ ᠵᠠᠰᠠᠯᠲᠠ ᠶᠢᠨ ᠣᠷᠣᠨ ᠢᠯᠡᠳᠲᠡ ᠰᠠᠶᠢᠵᠢᠷᠠᠭᠰᠠᠨ︾ ᠴᠣ ᠰᠢᠨ᠎ᠡ | ᠪᠠᠶᠢᠳᠠᠯ ᠲᠠᠢ ᠪᠣᠯᠪᠠ᠃ |