| 7 ᠳ᠋ᠤᠭᠠᠷ ᠰᠠᠷ᠎ᠠ ᠶᠢᠨ 22 ᠤᠨ ᠡᠳᠦᠷ ᠤᠨ 10 ᠴᠠᠭ 18 ᠮᠢᠨᠦ᠋ᠲ ᠳᠤ᠂ ᠨᠢᠭᠡᠨ ᠴᠣᠪᠣᠭ᠎ᠠ ᠲᠤᠷᠰᠢᠨ | ᠠᠶᠠᠯᠠᠬᠤ ᠬᠦᠳᠡᠯᠭᠡᠭᠦ ᠬᠦᠴᠦᠨᠳᠦ ᠭᠠᠯᠳᠣ ᠲᠡᠷᠭᠡ ᠤᠯᠠᠭᠠᠬᠠᠤᠳᠠ ᠦᠷᠳᠡᠭᠡ ᠠᠴᠠ ᠬᠦᠳᠡᠯᠵᠦ ᠪᠠᠶᠢᠴᠸᠡᠭ | ᠦᠷᠳᠡᠭᠡ ᠶᠢ ᠴᠢᠭᠯᠡᠯ᠎ᠠ᠃ ᠡᠨᠡ ᠨᠢ ᠦᠪᠡᠷᠳᠡᠭᠡᠨ ᠵᠠᠰᠠᠬᠤ ᠤᠷᠤᠨ ᠤ ᠲᠦᠷᠦᠭᠦᠦ ᠵᠣᠷᠪᠣᠰ ᠮᠤᠵᠢ ᠤᠷᠤᠨ | ᠠᠯᠤᠰᠯᠠᠬᠰᠠᠨ ᠬᠦᠳᠡᠯᠭᠡᠭᠦ ᠬᠦᠴᠦᠨᠳᠦ ᠭᠠᠯᠳᠣ ᠲᠡᠷᠭᠡᠨ ᠤ ᠠᠶᠠᠯᠠᠯ ᠤᠨ ᠵᠠᠮ ᠪᠤᠯᠬᠤ ᠤᠯᠠᠭᠠᠨᠬᠤᠳᠠ — | ᠪᠠᠶᠢᠴᠸᠡᠭ ᠤᠨ ᠬᠤᠷᠳᠤᠨ ᠤ ᠲᠡᠮᠦᠷ ᠵᠠᠮ ᠤᠨ ᠪᠠᠷᠢᠯᠭ᠎ᠠ ᠲᠠᠭᠤᠰᠴᠤ ᠲᠡᠷᠭᠡ ᠨᠡᠪᠳᠡᠷᠡᠭᠰᠡᠨ ᠢ ᠬᠠᠷᠠᠭᠤᠯᠵᠤ ᠪᠤᠢ᠃ | ᠦᠪᠡᠷᠳᠡᠭᠡᠨ ᠵᠠᠰᠬᠠᠤ ᠤᠷᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ | ᠲᠡᠷᠢᠭᠦᠯᠡᠭᠴᠢ ᠪᠦ᠋ ᠰᠢᠶᠤᠤ ᠯᠢᠨ ᠤᠯᠠᠭᠠᠨᠬᠤᠳᠠ ᠠᠴᠠ ᠪᠠᠶᠢᠴᠸᠡᠭ ᠬᠦᠷᠭᠦ ᠬᠤᠷᠳᠤᠨ ᠤ ᠲᠡᠮᠦᠷ ᠵᠠᠮ ᠤᠨ ᠬᠦᠳᠡᠯᠭᠡᠭᠦ | ᠬᠦᠴᠦᠨᠳᠦ ᠭᠠᠯᠳᠣ ᠲᠡᠷᠭᠡ ᠨᠡᠪᠳᠡᠷᠡᠭᠰᠡᠨ ᠢ ᠵᠠᠷᠯᠠᠵᠤ᠂ ᠦᠪᠡᠷᠳᠡᠭᠡᠨ ᠵᠠᠰᠠᠬᠤ ᠤᠷᠤᠨ ᠤ ᠲᠡᠳ᠋ ᠲᠡᠷᠢᠭᠦᠯᠡᠭᠴᠢ ᠸᠠᠩ | ᠪᠦᠸᠧ ᠪᠠᠷᠢᠯᠭ᠎ᠠ ᠲᠠᠭᠤᠰᠴᠤ ᠲᠡᠷᠭᠡ ᠨᠡᠪᠳᠡᠷᠡᠬᠦ ᠶᠤᠰᠤᠯᠠᠯ ᠲᠡᠭᠡᠷ᠎ᠡ ᠶᠠᠷᠢᠶ᠎ᠠ ᠲᠠᠯᠪᠢᠪᠠ᠃ | ᠸᠠᠩ ᠪᠦᠸᠧ ᠶᠠᠷᠢᠶᠠᠨ ᠳᠠᠭᠠᠨ᠂ ᠤᠯᠠᠭᠠᠨᠬᠤᠳᠠ ᠠᠴᠠ ᠪᠠᠶᠢᠴᠸᠡᠭ ᠬᠦᠷᠭᠦ ᠬᠤᠷᠳᠤᠨ ᠤ ᠲᠡᠮᠦᠷ ᠵᠠᠮ ᠤᠨ | ᠪᠠᠷᠢᠯᠭ᠎ᠠ ᠲᠠᠭᠤᠰᠤᠬᠰᠠᠨ ᠵᠢᠴᠢ ᠬᠦᠳᠡᠯᠭᠡᠭᠦ ᠬᠦᠴᠦᠨᠳᠦ ᠭᠠᠯᠳᠣ ᠲᠡᠷᠭᠡ ᠨᠡᠪᠳᠡᠷᠡᠭᠰᠡᠨ ᠨᠢ᠂ ᠮᠠᠨ ᠤ ᠤᠷᠤᠨ ᠤ | ᠠᠶᠠᠨᠴᠢᠳ ᠤᠨ ᠵᠦᠬᠡᠬᠡᠪᠦᠷᠢ ᠶᠢᠨ ᠬᠤᠷᠳᠤᠨ ᠤ ᠲᠡᠮᠦᠷ ᠵᠠᠮ ᠤᠨ ᠪᠦᠳᠦᠭᠡᠨ ᠪᠠᠶᠢᠭᠤᠯᠤᠯᠲᠠ ᠰᠢᠨ᠎ᠠ | ᠬᠦᠭᠵᠢᠯᠳᠡ ᠶᠢᠨ ᠱᠠᠳᠤᠨ ᠳᠤ ᠤᠷᠤᠬᠰᠠᠨ ᠢ ᠬᠠᠷᠠᠭᠤᠯᠵᠤ ᠪᠠᠶᠢᠨ᠎ᠠ᠃ ᠪᠦᠬᠦ ᠤᠷᠤᠨ ᠤ ᠡᠯ᠎ᠠ ᠱᠠᠳᠤ ᠡᠯ᠎ᠠ ᠰᠠᠯᠠᠭ᠎ᠠ | ᠮᠦᠴᠢᠷ ᠤᠨ ᠬᠢᠨ ᠡᠭᠦᠨ ᠢᠶᠠᠷ ᠲᠤᠬᠢᠶᠠᠯ ᠪᠤᠯᠭᠠᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ | ᠤᠷᠳᠤᠨ ᠤ ᠰᠢᠢᠳᠪᠦᠷᠢᠳᠦ ᠪᠤᠳᠤᠯᠭ᠎ᠠ ᠪᠠᠶᠢᠷᠢᠯᠠᠭᠤᠯᠤᠯᠲᠠ ᠶᠢᠨ ᠲᠤᠭᠤᠷᠢᠨ ᠳᠤ ᠦᠪᠡᠷ ᠦᠪᠡᠷ ᠤᠨ | ᠬᠠᠷᠢᠭᠤᠴᠠᠯᠭ᠎ᠠ ᠪᠠᠨ ᠡᠭᠦᠷᠭᠡᠯᠡᠨ᠂ ᠳᠣᠰ ᠳᠣᠰ ᠤᠨ ᠲᠤᠰᠢᠶᠠᠯ ᠢᠶᠠᠨ ᠬᠦᠢᠴᠡᠳᠭᠡᠵᠤ᠂ ᠬᠦᠴᠦ ᠪᠠᠨ ᠬᠠᠮᠳᠤᠳᠬᠠᠨ | ᠬᠠᠮᠳᠤᠷᠠᠨ ᠠᠵᠢᠯᠯᠠᠵᠤ᠂ ᠠᠯᠤᠰ ᠬᠡᠳᠦ ᠲᠠᠢ ᠬᠤᠯᠪᠣᠭᠳᠠᠬᠤ᠂ ᠠᠷᠠᠳ ᠤᠨ ᠠᠮᠢᠳᠤᠷᠠᠯ ᠳᠤ ᠠᠰᠢᠭ ᠬᠦᠷᠳᠡᠭᠡᠭᠦ ᠨᠢᠭᠡ | ᠪᠦᠯᠦᠭ ᠲᠠᠮᠦᠷ ᠵᠠᠮ ᠤᠨ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠬᠢᠨᠠᠮᠠᠭᠠᠢ ᠲᠦᠯᠦᠪᠵᠢᠭᠦᠯᠦᠨ | ᠬᠡᠷᠡᠭᠵᠢᠭᠦᠯᠵᠤ᠂ ︽ᠲᠦᠷᠭᠡᠨ ᠵᠣᠯᠭᠠᠬᠤ᠂ ᠵᠡᠭᠦᠨᠰᠢ ᠪᠠᠷᠠᠭᠤᠨᠰᠢ ᠰᠠᠭᠠᠳ ᠦᠭᠡᠢ ᠨᠡᠪᠳᠡᠷᠡᠭᠦ᠂ ᠬᠢᠯᠢ ᠳᠤ ᠨᠡᠪᠳᠡᠷᠡᠵᠤ | ᠲᠠᠯᠠᠢ ᠳᠤ ᠬᠦᠷᠭᠦ᠂ ᠲᠤᠳᠤᠷ᠎ᠠ ᠭᠠᠵᠠᠷ ᠲᠠᠢ ᠬᠤᠯᠪᠤᠯᠳᠣᠨ ᠨᠡᠪᠳᠡᠷᠡᠭᠦ︾ ᠲᠡᠮᠦᠷ ᠵᠠᠮ ᠤᠨ ᠳᠣᠣᠷ ᠢ ᠲᠦᠷᠬᠡᠳᠬᠡᠨ | ᠪᠠᠶᠢᠭᠤᠯᠵᠤ᠂ ᠦᠪᠡᠷᠳᠡᠭᠡᠨ ᠵᠠᠰᠠᠬᠤ ᠤᠷᠤᠨ ᠤ ᠠᠵᠤ ᠠᠬᠤᠢ ᠨᠡᠶᠢᠭᠡᠮ ᠤᠨ ᠦᠷᠭᠦᠯᠵᠢᠯᠡᠨ ᠡᠷᠡᠭᠦᠯ ᠢᠶᠠᠷ | ᠬᠦᠭᠵᠢᠭᠦ ᠳᠤ ᠨᠡᠩ ᠶᠡᠭᠡ ᠬᠤᠪᠢ ᠨᠡᠮᠡᠷᠢ ᠦᠵᠡᠭᠦᠯᠭᠦ ᠬᠡᠷᠡᠭᠳᠡᠢ ᠬᠡᠵᠤ ᠵᠢᠭᠠᠵᠤ ᠭᠠᠷᠭᠠᠪᠠ᠃ | ᠤᠯᠠᠭᠠᠨᠬᠤᠳᠠ — ᠪᠠᠶᠢᠴᠸᠡᠭ ᠤᠨ ᠬᠤᠷᠳᠤᠨ ᠤ ᠲᠡᠮᠦᠷ ᠵᠠᠮ ᠨᠢ ᠬᠢᠩᠭᠠᠨ ᠠᠶᠢᠮᠠᠭ ᠤᠨ | ᠤᠯᠠᠭᠠᠨᠬᠤᠳᠠ ᠠᠴᠠ ᠬᠢᠷᠢᠨ ᠮᠤᠵᠢ ᠶᠢᠨ ᠪᠠᠶᠢᠴᠸᠡᠭ ᠬᠤᠳᠠ ᠳᠤ ᠬᠦᠷᠴᠤ᠂ ᠪᠦᠬᠦ ᠤᠷᠳᠤ ᠨᠢ 84.27 | ᠺᠢᠯᠦᠮᠧᠲᠷ᠂ ᠤᠯᠠᠭᠠᠨᠬᠤᠳᠠ᠂ ᠨᠢᠩᠵᠢᠶᠠ᠂ ᠬᠡᠭᠡᠨ ᠰᠦᠮ᠎ᠠ᠂ ᠵᠧᠨ ᠰᠢ᠂ ᠫᠢᠩ ᠲᠠᠢ᠂ ᠪᠠᠶᠢᠴᠸᠡᠭ ᠤᠨ ᠬᠤᠶᠢᠲᠤ᠂ | ᠪᠠᠶᠢᠴᠸᠡᠭ ᠵᠡᠷᠭᠡ 7 ᠦᠷᠳᠡᠭᠡ ᠭᠠᠷᠭᠠᠵᠣ᠂ ᠲᠦᠯᠦᠪᠯᠡᠭᠰᠡᠨ ᠬᠤᠷᠳᠤᠴᠠ ᠨᠢ ᠴᠠᠭ ᠪᠦᠷᠢ 160 ᠺᠢᠯᠤᠮᠧᠲᠷ | ᠪᠤᠯᠤᠨ᠎ᠠ᠃ ᠳᠤᠰ ᠵᠠᠮ ᠪᠠᠷᠢᠯᠭ᠎ᠠ ᠲᠠᠭᠤᠰᠴᠤ ᠲᠡᠷᠭᠡ ᠨᠡᠪᠳᠡᠷᠡᠭᠰᠡᠨ ᠨᠢ ᠦᠪᠦᠷ ᠮᠤᠩᠭᠤᠯ ᠤᠨ ᠵᠡᠭᠦᠨ ᠬᠡᠰᠡᠭ ᠤᠨ | ᠭᠠᠵᠠᠷ ᠤᠷᠤᠨ ᠬᠢᠭᠡᠳ ᠵᠡᠭᠦᠨ ᠬᠤᠶᠢᠲᠤ ᠶᠢᠨ ᠭᠤᠷᠪᠠᠨ ᠮᠤᠵᠢ ᠶᠢᠨ ᠭᠤᠤᠯ ᠪᠣᠯᠬᠤ ᠬᠤᠳᠠ᠂ ᠤᠨᠴᠠᠭᠠᠶᠢᠯᠠᠨ | ᠨᠡᠶᠢᠰᠯᠡᠯ ᠪᠡᠭᠡᠵᠢᠩ ᠬᠦᠷᠬᠦ ᠴᠠᠭ ᠢ ᠪᠣᠭᠤᠨᠢᠰᠬᠠᠵᠣ᠂ ᠤᠷᠤᠨ ᠪᠦᠰᠡ ᠶᠢᠨ ᠬᠤᠭᠤᠷᠤᠨᠳᠤᠬᠢ ᠬᠦᠮᠦᠰ ᠤᠨ | ᠶᠠᠪᠣᠯᠴᠠᠭ᠎ᠠ ᠪᠠ ᠠᠵᠤ ᠠᠬᠤᠢ ᠠᠷᠠᠯᠵᠢᠶ᠎ᠠ ᠶᠢᠨ ᠰᠣᠯᠢᠯᠴᠠᠭ᠎ᠠ ᠶᠢ ᠨᠢᠬᠳᠠᠷᠠᠭᠤᠯᠵᠤ᠂ ᠱᠤᠭᠤᠮ ᠲᠠᠭᠠᠤ ᠶᠢᠨ | ᠵᠢᠭᠤᠯᠴᠢᠯᠠᠯ ᠤᠨ ᠡᠬᠢ ᠪᠠᠶᠠᠯᠢᠭ ᠢ ᠨᠡᠭᠡᠭᠡᠨ ᠬᠦᠭᠵᠢᠭᠦᠯᠭᠦ ᠪᠠ ᠬᠤᠪᠢᠰᠬᠠᠯ ᠤᠨ ᠬᠠᠭᠤᠴᠢᠨ ᠰᠠᠭᠤᠷᠢᠨ ᠬᠢᠩᠭᠠᠨ | ᠠᠶᠢᠮᠠᠭ ᠤᠨ ᠠᠵᠤ ᠠᠬᠤᠢ ᠨᠡᠶᠢᠭᠡᠮ ᠤᠨ ᠬᠦᠭᠵᠢᠯᠳᠡ ᠶᠢ ᠠᠬᠢᠭᠤᠯᠬᠤ ᠳᠤ ᠴᠢᠬᠤᠯᠠ ᠠᠴᠢ ᠬᠤᠯᠪᠤᠬᠳᠠᠯ ᠲᠠᠢ | ᠶᠤᠮ᠃ |