7 ᠳ᠋ᠤᠭᠠᠷ ᠰᠠᠷ᠎ᠠ ᠶᠢᠨ 21 ᠤ ᠡᠳᠦᠷ᠂ ᠲᠦᠩᠯᠢᠶᠣᠤ ᠬᠤᠲᠠ ᠴᠡᠷᠢᠭ ᠡᠯᠰᠡᠬᠦ ᠠᠵᠢᠯ ᠤᠨ ᠲᠧᠯᠸᠢᠰ | ᠳ᠋ᠢᠶᠠᠩᠬᠤᠸᠠ ᠬᠤᠷᠠᠯ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠴᠡᠷᠢᠭ ᠡᠯᠰᠡᠬᠦ ᠠᠵᠢᠯ ᠤᠨ ᠬᠤᠷᠠᠯ ᠤᠨ | ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠢᠳᠤᠨᠤᠨ ᠤ ᠴᠡᠷᠢᠭ ᠡᠯᠰᠡᠭᠰᠡᠨ ᠠᠵᠢᠯ ᠢ ᠳ᠋ᠦᠩᠨᠡᠵᠦ᠂ | ᠡᠨᠡ ᠵᠢᠯ ᠤᠨ ᠴᠡᠷᠢᠭ ᠡᠯᠰᠡᠬᠦ ᠡᠭᠦᠷᠭᠡ ᠶᠢ ᠪᠠᠶᠢᠷᠢᠯᠠᠭᠤᠯᠪᠠ᠃ ᠬᠤᠲᠠ ᠶᠢᠨ ᠳᠡᠳ᠋ ᠳᠠᠷᠤᠭ᠎ᠠ ᠼᠦᠢ ᠵᠢᠩ ᠢᠩ᠂ | ᠲᠦᠩᠯᠢᠶᠣᠤ ᠶᠢᠨ ᠴᠡᠷᠢᠭ ᠤᠨ ᠬᠤᠪᠢᠶᠠᠷᠢ ᠲᠣᠭᠤᠷᠢᠭ ᠤᠨ ᠰᠧᠯᠢᠩᠶᠤᠸᠠᠨ ᠯᠢ ᠬᠡᠦ ᠭᠤᠣᠯ ᠬᠤᠷᠠᠯ ᠤᠨ ᠲᠠᠯᠠᠪᠠᠢ | ᠳᠤ ᠬᠤᠷᠠᠯ ᠳᠤ ᠣᠷᠣᠯᠴᠠᠪᠠ᠃ | 2016 ᠣᠨ ᠤ ᠲᠦᠩᠯᠢᠶᠣᠤ ᠬᠤᠲᠠ ᠶᠢᠨ ᠴᠡᠷᠢᠭ ᠡᠯᠰᠡᠬᠦ ᠠᠵᠢᠯ ᠨᠢ ᠥᠪᠡᠷᠲᠡᠭᠡᠨ ᠵᠠᠰᠠᠬᠤ ᠣᠷᠣᠨ ᠤ | ᠴᠡᠷᠢᠭ ᠡᠯᠰᠡᠬᠦ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ | ᠨᠠᠶᠢᠳᠠᠪᠤᠷᠢᠵᠢᠭᠤᠯᠬᠤ ᠰᠠᠭᠤᠷᠢᠨ ᠳᠡᠭᠡᠷ᠎ᠡ᠂ ︽ᠲᠠᠪᠤᠨ ᠨᠣᠷᠮ᠎ᠠ︾ ᠶᠢᠨ ᠱᠠᠭᠠᠷᠳᠠᠯᠭ᠎ᠠ ᠶᠢ ᠴᠢᠩᠭ᠎ᠠ ᠵᠢᠷᠤᠮᠯᠠᠵᠤ᠂ ︽ | ᠢᠯᠡ ᠪᠠᠷ ᠡᠯᠰᠡᠬᠦ︾ ᠶᠢ ᠬᠡᠷᠡᠭᠵᠢᠭᠦᠯᠵᠦ᠂ ᠡᠯ᠎ᠡ ᠱᠠᠲᠤᠨ ᠤ ᠬᠠᠮᠲᠤ ᠶᠢᠨ ᠴᠢᠷᠮᠠᠶᠢᠯᠭ᠎ᠠ ᠪᠠᠷ ᠳᠠᠮᠵᠢᠭᠠᠳ᠂ 1070 | ᠨᠡᠷ᠎ᠡ ᠰᠢᠨ᠎ᠡ ᠴᠡᠷᠢᠭ ᠡᠯᠰᠡᠬᠦ ᠡᠭᠦᠷᠭᠡ ᠶᠢ ᠲᠡᠭᠦᠰ ᠠᠮᠵᠢᠯᠲᠠ ᠲᠠᠢ ᠪᠠᠷ ᠪᠡᠶᠡᠯᠡᠭᠦᠯᠵᠡᠶ᠃ ᠡᠨᠡ ᠵᠢᠯ ᠤᠨ ᠴᠡᠷᠢᠭ | ᠡᠯᠰᠡᠬᠦ ᠠᠵᠢᠯ ᠳᠤ ᠰᠦᠯᠵᠢᠶ᠎ᠡ ᠪᠠᠷ ᠴᠡᠷᠢᠭ ᠡᠯᠰᠡᠬᠦ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠰᠢᠰᠲ᠋ᠧᠮ ᠢ | ᠨᠢᠭᠡᠳᠦᠯᠲᠡᠶ ᠬᠡᠷᠡᠭᠯᠡᠵᠦ᠂ ᠴᠡᠷᠢᠭ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠳᠡᠭᠡᠷ᠎ᠡ ᠬᠦᠴᠦ ᠣᠷᠣᠭᠤᠯᠵᠤ᠂ | ᠣᠶᠤᠲᠠᠨ ᠠᠴᠠ ᠥᠨᠳᠥᠷ ᠪᠠᠷᠢᠮᠵᠢᠶ᠎ᠠ ᠪᠠᠷ ᠴᠡᠷᠢᠭ ᠡᠯᠰᠡᠬᠦ ᠡᠭᠦᠷᠭᠡ ᠶᠢ ᠦᠨᠡᠨ ᠬᠦ ᠪᠠᠲᠤᠯᠠᠵᠤ᠂ ᠠᠷᠢᠭᠤᠨ | ᠴᠢᠬᠡᠴᠢ ᠪᠠᠷ ᠴᠡᠷᠢᠭ ᠡᠯᠰᠡᠬᠦ ᠪᠣᠭᠤᠮᠲᠠ ᠶᠢ ᠴᠢᠩᠭ᠎ᠠ ᠠᠳᠬᠤᠵᠤ ᠂ ᠪᠡᠶ᠎ᠡ ᠶᠢᠨ ᠪᠠᠶᠢᠴᠠᠭᠠᠯᠲᠠ ᠶᠢᠨ ᠪᠣᠭᠤᠮᠲᠠ᠂ | ᠤᠯᠤᠰ ᠲᠥᠷᠥ ᠶᠢᠨ ᠬᠢᠨᠠᠨ ᠪᠠᠶᠢᠴᠠᠭᠠᠯᠲᠠ ᠶᠢᠨ ᠪᠣᠭᠤᠮᠲᠠ᠂ ᠡᠯᠡᠰᠦᠨ ᠲᠣᠭᠲᠠᠭᠠᠬᠤ ᠪᠣᠭᠤᠮᠲᠠ ᠶᠢ ᠰᠠᠶᠢᠲᠤᠷ | ᠠᠳᠬᠤᠵᠤ᠂ ᠰᠠᠶᠢᠲᠤᠷ ᠰᠤᠷᠭᠠᠨ ᠬᠥᠮᠦᠵᠢᠭᠦᠯᠥᠨ ᠬᠥᠲᠥᠯᠥᠨ ᠵᠢᠯᠤᠭᠤᠳᠴᠤ᠂ ᠬᠠᠷᠢᠭᠤᠴᠠᠯᠭ᠎ᠠ ᠠᠵᠢᠯ ᠤᠨ | ᠬᠤᠪᠢᠶᠠᠷᠢᠯᠠᠯ ᠢ ᠲᠣᠳᠣᠷᠬᠠᠶᠢᠯᠠᠵᠤ᠂ ᠬᠠᠷᠢᠭᠤᠴᠠᠯᠭ᠎ᠠ ᠨᠡᠬᠡᠮᠵᠢᠯᠡᠬᠦ ᠶᠠᠪᠤᠳᠠᠯ ᠢ ᠴᠢᠩᠭᠠᠳᠬᠠᠪᠠ᠃ |