1 — 6 ᠳ᠋ᠤᠭᠠᠷ ᠰᠠᠷ᠎ᠠ ᠳᠠᠬᠢ ᠰᠢᠯᠢ ᠶᠢᠨ ᠭᠤᠣᠯ ᠠᠶᠢᠮᠠᠭ ᠤᠨ ᠠᠵᠤ ᠠᠬᠤᠶ ᠶᠢᠨ ᠭᠤᠣᠯ ᠭᠦᠢᠴᠡᠳᠬᠡᠯ ᠲᠤᠭ᠎ᠠ ᠶᠢ ᠪᠡᠶᠡᠯᠡᠭᠦᠯᠦᠭᠰᠡᠨ ᠪᠠᠶᠢᠳᠠᠯ
ᠨᠡᠶᠢᠲᠡᠯᠡᠭᠰᠡᠨ ᠴᠠᠭ᠄
2017/7/24
      ᠳᠡᠭᠡᠳᠦ ᠬᠠᠭᠠᠰ ᠵᠢᠯ ᠳᠤ᠂ ᠰᠢᠯᠢ ᠶᠢᠨ ᠭᠤᠣᠯ ᠠᠶᠢᠮᠠᠭ ᠤᠨ ᠦᠢᠯᠡᠳᠪᠦᠷᠢᠯᠡᠯ ᠤᠨ ᠶᠡᠷᠥᠩᠬᠡᠢ ᠦᠷᠳᠡᠭ ᠨᠢ 415.34 ᠳ᠋ᠥᠩᠰᠢᠭᠤᠷ ᠲᠥᠭᠦᠷᠢᠭ ᠢ ᠪᠡᠶᠡᠯᠡᠭᠦᠯᠵᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 6.4% ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠪᠦᠬᠦ ᠣᠷᠣᠨ ᠳᠤ 7 ᠳ᠋ᠤᠭᠠᠷ ᠲᠤ ᠵᠢᠭᠰᠠᠭᠠᠭᠳᠠᠵᠠᠢ᠃ ᠠᠵᠤ ᠦᠶᠯᠡᠰ ᠢᠶᠠᠷ ᠨᠢ ᠠᠩᠭᠢᠯᠠᠪᠠᠯ᠂ ᠨᠢᠭᠡᠳᠦᠭᠡᠷ ᠠᠵᠤ ᠦᠢᠯᠡᠰ ᠤᠨ ᠨᠡᠮᠡᠭᠳᠡᠯ ᠦᠷᠳᠡᠭ 12.37 ᠳ᠋ᠥᠩᠰᠢᠭᠤᠷ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 4.1% ᠨᠡᠮᠡᠭᠳᠡᠵᠡᠢ︔ ᠬᠤᠶᠠᠳᠤᠭᠠᠷ ᠠᠵᠤ ᠦᠢᠯᠡᠰ ᠤᠨ ᠨᠡᠮᠡᠭᠳᠡᠯ ᠦᠷᠳᠡᠭ 264.44 ᠳ᠋ᠥᠩᠰᠢᠭᠤᠷ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 5.3% ᠨᠡᠮᠡᠭᠳᠡᠵᠡᠢ᠂ ᠡᠭᠦᠨ ᠳᠤ᠄ ᠠᠵᠤ ᠦᠢᠯᠡᠳᠪᠦᠷᠢ ᠶᠢᠨ ᠪᠦᠬᠦ ᠨᠡᠮᠡᠭᠳᠡᠯ ᠦᠷᠳᠡᠭ 245.81 ᠳ᠋ᠥᠩᠰᠢᠭᠤᠷ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 5.6% ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠲᠡᠭ ᠨᠢ ᠠᠳᠠᠯᠢ ᠬᠤᠭᠤᠴᠠᠭᠠᠨ ᠤ ᠬᠢ ᠠᠴᠠ 5.6% ᠨᠡᠮᠡᠭᠳᠡᠪᠡ︔ ᠭᠤᠷᠪᠠᠳᠤᠭᠠᠷ ᠠᠵᠤ ᠦᠶᠯᠡᠰ ᠤᠨ ᠨᠡᠮᠡᠭᠳᠡᠯ ᠥᠷᠲᠡᠭ 138.53 ᠳ᠋ᠥᠩᠰᠢᠭᠤᠷ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 8.8% ᠨᠡᠮᠡᠭᠳᠡᠪᠡ᠃ ᠰᠢᠯᠢ ᠶᠢᠨ ᠭᠤᠣᠯ ᠠᠶᠢᠮᠠᠭ ᠤᠨ ᠲᠣᠭᠲᠠᠮᠠᠯ ᠬᠦ᠋ᠷᠦᠩᠭᠡ ᠶᠢᠨ ᠪᠡᠯᠡ ᠣᠷᠣᠭᠤᠯᠤᠯᠲᠠ ᠨᠢ 222.91 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 12.0% ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠪᠦᠬᠦ ᠣᠷᠣᠨ ᠤ 9 ᠳ᠋ᠦ᠋ᠭᠡᠷ ᠲᠤ ᠵᠢᠭᠰᠠᠭᠠᠭᠳᠠᠵᠠᠢ︔ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠵᠣᠭᠤᠰ ᠤᠨ ᠲᠤᠭ᠎ᠠ 116.31 ᠳ᠋ᠥᠩᠰᠢᠭᠤᠷ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 8.7% ᠨᠡᠮᠡᠭᠳᠡᠪᠡ︔ ᠤᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠦᠪ ᠤᠨ ᠣᠷᠣᠯᠭ᠎ᠠ 53.46 ᠳ᠋ᠥᠩᠰᠢᠭᠤᠷ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 6% ᠨᠡᠮᠡᠭᠳᠡᠭᠰᠡᠨ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号