ᠤᠯᠤᠰ ᠤᠨ ᠲᠤᠭ᠎ᠠ ᠪᠦᠷᠢᠳᠬᠡᠯ ᠤᠨ ᠲᠣᠪᠴᠢᠶᠠᠨ ᠤ ᠤᠯᠠᠭᠠᠨᠬᠠᠳᠠ ᠪᠠᠶᠢᠴᠠᠭᠠᠬᠤ ᠠᠩᠬᠢ ᠶᠢᠨ ᠦᠯᠢᠭᠡᠷ | ᠠᠪᠤᠭᠰᠠᠨ ᠪᠠᠶᠢᠴᠠᠭᠠᠯᠲᠠ ᠶᠢ ᠦᠨᠳᠦᠰᠦᠯᠡᠪᠡᠯ᠂ 2017 ᠣᠨ ᠤ ᠳᠡᠭᠡᠷ᠎ᠡ ᠬᠠᠭᠠᠰ ᠵᠢᠯ ᠳᠤ᠂ ᠤᠯᠠᠭᠠᠨᠬᠠᠳᠠ | ᠬᠤᠲᠠ ᠶᠢᠨ ᠮᠠᠯᠵᠢᠬᠤ ᠣᠷᠣᠨ ᠳᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠪᠦᠷᠢ ᠶᠢᠨ ᠡᠵᠡᠮᠳᠡᠵᠦ | ᠪᠣᠯᠬᠤ ᠳᠤᠮᠳᠠᠴᠢ ᠣᠷᠣᠯᠭ᠎ᠠ ᠨᠢ 4945 ᠲᠥᠭᠦᠷᠢᠭ ᠲᠤ ᠬᠦᠷᠴᠦ᠂ ᠳᠡᠭᠡᠷ᠎ᠡ ᠵᠢᠯ ᠤᠨ ᠠᠳᠠᠯᠢ | ᠬᠤᠭᠤᠴᠠᠭᠠᠨ ᠤ ᠬᠢ ᠠᠴᠠ 375 ᠲᠥᠭᠦᠷᠢᠭ ᠨᠡᠮᠡᠭᠳᠡᠵᠦ᠂ 8.2% ᠨᠡᠮᠡᠭᠳᠡᠪᠡ᠃ ᠮᠠᠯᠴᠢᠳ ᠤᠨ | ᠣᠷᠣᠯᠭ᠎ᠠ ᠲᠣᠭᠲᠠᠭᠤᠨ ᠪᠥᠭᠡᠳ ᠨᠡᠯᠢᠶᠡᠳ ᠲᠦᠷᠭᠡᠨ ᠨᠡᠮᠡᠭᠳᠡᠭᠰᠡᠨ ᠭᠤᠣᠯ ᠰᠢᠯᠲᠠᠭᠠᠨ ᠨᠢ ᠳᠥᠷᠪᠡ ᠪᠠᠶᠢᠨ᠎ᠠ᠂ | ᠨᠢᠭᠡ ᠳᠤ ᠤᠯᠠᠭᠠᠨᠬᠠᠳᠠ ᠬᠤᠲᠠ ᠤᠯᠤᠰ ᠤᠨ ᠮᠠᠯᠴᠢᠳ ᠲᠤ ᠠᠰᠢᠭ ᠬᠦᠷᠲᠡᠭᠡᠬᠦ ᠡᠯ᠎ᠡ ᠵᠦᠢᠯ ᠤᠨ ᠲᠥᠷᠥ ᠶᠢᠨ | ᠪᠤᠳᠤᠯᠭ᠎ᠠ ᠶᠢ ᠬᠢᠨᠠᠮᠠᠭᠠᠶ ᠬᠡᠷᠡᠭᠵᠢᠭᠦᠯᠵᠦ᠂ ᠮᠠᠯᠴᠢᠳ ᠤᠨ ᠰᠢᠯᠵᠢᠯᠲᠡ ᠶᠢᠨ ᠴᠢᠨᠠᠷᠲᠠᠶ ᠣᠷᠣᠯᠭ᠎ᠠ ᠶᠢ ᠨᠡᠮᠡᠭᠳᠡᠭᠦᠯᠪᠡ᠃ | ᠬᠤᠶᠠᠷ ᠲᠤ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠪᠠᠶᠢᠳᠠᠯ ᠰᠠᠶᠢᠨ ᠪᠠᠶᠢᠵᠤ᠂ ᠡᠭᠦᠨ ᠤ ᠳᠡᠭᠡᠷ᠎ᠡ | ᠣᠶᠢᠷ᠎ᠠ ᠳᠤ ᠦᠬᠡᠷ ᠬᠤᠨᠢᠨ ᠮᠢᠬᠠᠨ ᠤ ᠦᠨ᠎ᠡ ᠬᠠᠩᠰᠢ ᠥᠰᠴᠦ᠂ ᠡᠷᠳᠡᠨᠢ ᠰᠢᠰᠢ ᠶᠢᠨ ᠦᠨ᠎ᠡ ᠪᠠᠭᠤᠷᠠᠵᠤ᠂ | ᠮᠠᠯᠴᠢᠳ ᠤᠨ ᠮᠠᠯ ᠠᠵᠤ ᠠᠬᠤᠶ ᠶᠢᠨ ᠴᠡᠪᠡᠷ ᠣᠷᠣᠯᠭ᠎ᠠ ᠨᠡᠮᠡᠭᠳᠡᠪᠡ᠃ ᠭᠤᠷᠪᠠ ᠳᠤ ᠤᠯᠠᠭᠠᠨᠬᠠᠳᠠ ᠬᠤᠲᠠ ᠶᠢᠨ | ᠮᠠᠯᠵᠢᠬᠤ ᠣᠷᠣᠨ ᠤ ᠭᠠᠵᠠᠷ ᠰᠢᠷᠣᠶ ᠶᠢ ᠰᠢᠯᠵᠢᠭᠦᠯᠦᠨ ᠡᠷᠭᠢᠯᠳᠦᠭᠦᠯᠬᠦ ᠲᠠᠯᠠᠪᠠᠢ ᠲᠠᠰᠤᠷᠠᠯᠳᠡ ᠦᠬᠡᠢ ᠥᠷᠭᠡᠵᠢᠵᠤ᠂ | ᠮᠠᠯᠴᠢᠳ ᠤᠨ ᠭᠠᠵᠠᠷ ᠰᠢᠷᠣᠶ ᠰᠢᠯᠵᠢᠭᠦᠯᠦᠨ ᠳᠠᠭᠠᠭᠠᠴᠢᠯᠠᠭᠤᠯᠬᠤ ᠪᠠ ᠡᠵᠡᠩᠨᠡᠯᠲᠡ ᠶᠢᠨ ᠡᠷᠬᠡ ᠪᠠᠨ ᠲᠦᠷᠢᠶᠡᠰᠦᠨ | ᠮᠥᠩᠭᠦᠴᠢᠯᠡᠬᠦ ᠨᠢ ᠲᠠᠰᠤᠷᠠᠯᠳᠠ ᠦᠭᠡᠢ ᠨᠡᠮᠡᠭᠳᠡᠵᠡᠢ᠃ ᠲᠦᠷᠪᠡ ᠳᠤ ᠮᠠᠯᠵᠢᠬᠤ ᠣᠷᠣᠨ ᠤ ᠭᠠᠵᠠᠷ ᠰᠢᠷᠣᠶ ᠶᠢ ᠡᠮᠬᠢ | ᠴᠢᠭᠴᠢᠲᠡᠢ ᠡᠷᠭᠢᠯᠳᠦᠭᠦᠯᠦᠭᠰᠡᠨ ᠪᠠ ᠲᠦᠭᠦᠭᠡᠷᠤᠮᠵᠢᠲᠤ ᠲᠠᠷᠢᠶᠠᠯᠠᠩ ᠤᠨ ᠥᠷᠨᠢᠨ ᠬᠥᠭᠵᠢᠭᠰᠡᠨ ᠠᠴᠠ ᠮᠠᠯᠵᠢᠬᠤ | ᠣᠷᠣᠨ ᠤ ᠦᠯᠡᠭᠦᠦ ᠬᠥᠳᠡᠯᠮᠦᠷᠢ ᠶᠢᠨ ᠬᠦᠴᠦᠨ ᠳᠤ ᠠᠵᠢᠯ ᠣᠯᠭᠤᠬᠤ ᠠᠭᠤᠳᠠᠮ ᠣᠷᠣᠨ ᠵᠠᠶ ᠣᠯᠭᠤᠵᠤ᠂ | ᠮᠠᠯᠴᠢᠳ ᠨᠤᠲᠤᠭ ᠲᠠᠭᠠᠨ ᠲᠡᠵᠢᠭᠡᠨ ᠦᠷᠡᠵᠢᠭᠦᠯᠬᠦ ᠲᠣᠮᠣ ᠡᠷᠦᠬᠡ ᠳᠤ ᠬᠦᠳᠡᠯᠮᠦᠷᠢᠯᠡᠭᠡᠳ ᠤᠯᠤᠭᠰᠠᠨ | ᠴᠠᠯᠢᠩ ᠣᠯᠭᠤᠮᠵᠢ ᠨᠢ ᠦᠳᠲᠡᠷ ᠲᠦᠷᠭᠡᠨ ᠨᠡᠮᠡᠭᠳᠡᠵᠡᠢ᠃ |