1—6 ᠳ᠋ᠤᠭᠠᠷ ᠰᠠᠷ᠎ᠠ ᠳᠤ ᠪᠠᠶᠠᠨᠨᠠᠭᠤᠷ ᠬᠤᠲᠠ 2809 ᠡᠷᠦᠬᠡ ᠰᠠᠭᠤᠭᠠᠯᠢ ᠠᠷᠠᠳ ᠲᠤ 8.89 ᠳ᠋ᠦᠡᠭᠰᠢᠭᠤᠷ ᠲᠥᠭᠦᠷᠢᠭ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠲᠠᠯᠪᠢᠪᠠ
ᠨᠡᠶᠢᠲᠡᠯᠡᠭᠰᠡᠨ ᠴᠠᠭ᠄
2017/7/26
      ᠡᠨᠡ ᠵᠢᠯ ᠤᠨ ᠳᠡᠭᠡᠷ᠎ᠡ ᠬᠠᠭᠠᠰ ᠵᠢᠯ ᠳᠤ᠂ ᠪᠠᠶᠠᠨᠨᠠᠭᠤᠷ ᠬᠤᠳᠠ 2809 ᠡᠷᠦᠬᠡ ᠰᠠᠭᠤᠭᠠᠯᠢ ᠠᠷᠠᠳ ᠲᠤ 8.89 ᠳ᠋ᠦᠡᠭᠰᠢᠭᠤᠷ ᠲᠥᠭᠦᠷᠢᠭ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠲᠠᠯᠪᠢᠪᠠ᠃ ᠡᠨᠡ ᠵᠢᠯ᠂ ᠪᠠᠶᠠᠨᠨᠠᠭᠤᠷ ᠬᠤᠲᠠ ᠶᠢᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠦᠡᠭᠭᠦ ᠶᠢᠨ ᠬᠠᠮᠢᠶᠠᠷᠤᠯᠲᠠ ᠶᠢᠨ ᠲᠥᠪ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠠᠷᠠᠳ ᠲᠤ ᠠᠰᠢᠭ ᠬᠦᠷᠲᠡᠭᠡᠬᠦ 17 ᠵᠦᠢᠯ ᠤᠨ ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠠᠮᠤᠷᠬᠤ ᠬᠡᠪᠴᠢᠶ᠎ᠡ ᠶᠢ ᠥᠷᠭᠡᠳᠬᠡᠬᠦ᠂ ᠲᠤᠰᠢᠶᠠᠵᠤ ᠬᠠᠳᠠᠭᠠᠯᠠᠬᠤ᠂ ᠭᠠᠷᠭᠠᠨ ᠠᠪᠬᠤ᠂ ᠵᠢᠭᠡᠯᠡᠯᠭᠡ ᠲᠠᠯᠪᠢᠬᠤ᠂ ᠵᠢᠭᠡᠯᠡᠯᠭᠡ ᠲᠦᠯᠦᠬᠦ᠂ ᠬᠦᠦ ᠮᠥᠩᠭᠦ ᠣᠷᠣᠯᠠᠨ ᠥᠭᠬᠦ ᠵᠡᠷᠭᠡ ᠤᠯᠠᠨ ᠲᠠᠯ᠎ᠠ ᠪᠠᠷ ᠬᠢᠵᠠᠭᠠᠷᠯᠠᠯ ᠢ ᠤᠯᠠᠮ ᠨᠢᠭᠡ ᠠᠯᠬᠤᠮ ᠠᠭᠤᠵᠢᠭᠤ ᠲᠠᠯᠪᠢᠵᠤ᠂ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠡᠷᠡᠭᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠬᠦᠯᠵᠤ᠂ ᠠᠵᠢᠯᠲᠠᠨ ᠠᠵᠢᠯᠴᠢᠨ ᠤ ᠣᠷᠣᠨ ᠰᠠᠭᠤᠴᠠ ᠬᠤᠳᠠᠯᠳᠤᠨ ᠠᠪᠬᠤ ᠪᠠ ᠣᠷᠣᠨ ᠰᠠᠭᠤᠴᠠ ᠶᠢᠨ ᠨᠥᠬᠦᠴᠡᠯ ᠢᠶᠠᠨ ᠰᠠᠶᠢᠵᠢᠷᠠᠭᠤᠯᠬᠤ ᠶᠢ ᠨᠢ ᠪᠠᠲᠤᠯᠠᠪᠠ᠃ 1 — 6 ᠳ᠋ᠤᠭᠠᠷ ᠰᠠᠷ᠎ᠠ ᠳᠤ᠂ ᠪᠦᠬᠦ ᠬᠤᠳᠠ 2809 ᠡᠷᠦᠬᠡ ᠰᠠᠭᠤᠭᠠᠯᠢ ᠠᠷᠠᠳ ᠲᠤ 8.89 ᠳ᠋ᠦᠡᠭᠰᠢᠭᠤᠷ ᠲᠥᠭᠦᠷᠢᠭ ᠤᠨ ᠵᠢᠭᠡᠯᠡᠯᠭᠡ ᠲᠠᠷᠬᠠᠭᠠᠪᠠ︔ ᠦᠨᠦ ᠪᠤᠯᠲᠠᠯ᠎ᠠ᠂ ᠪᠥᠬᠦ ᠬᠤᠲᠠ 66291 ᠡᠷᠦᠬᠡ ᠳᠤ ᠨᠡᠶᠢᠲᠡ 95.76 ᠳ᠋ᠦᠡᠭᠰᠢᠭᠤᠷ ᠲᠥᠭᠦᠷᠢᠭ ᠤᠨ ᠵᠢᠭᠡᠯᠡᠯᠭᠡ ᠤᠯᠭᠤᠭᠰᠠᠨ ᠪᠠᠶᠢᠨ᠎ᠠ᠃ ᠡᠭᠦᠨ ᠠᠴᠠ ᠭᠠᠳᠠᠨ᠎ᠠ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠠᠮᠤᠷᠬᠤ ᠬᠡᠪᠴᠢᠶ᠎ᠡ ᠲᠠᠰᠤᠷᠠᠯᠲᠠ ᠦᠭᠡᠢ ᠦᠷᠭᠡᠳᠬᠦ ᠶᠢ ᠳᠠᠭᠠᠯᠳᠤᠨ᠂ ᠪᠦᠬᠦ ᠬᠤᠲᠠ ᠶᠢᠨ ᠲᠤᠰᠢᠶᠠᠬᠤ ᠬᠠᠳᠠᠭᠠᠯᠠᠬᠤ ᠨᠢᠭᠡᠴᠡ ᠨᠢ 2240 ᠪᠤᠯᠤᠨ ᠨᠡᠮᠡᠭᠳᠡᠭᠡᠳ᠂ ᠲᠤᠰᠢᠶᠠᠬᠤ ᠬᠠᠳᠠᠭᠠᠯᠠᠭᠤᠯᠬᠤ ᠠᠵᠢᠯᠲᠠᠨ ᠠᠵᠢᠯᠴᠢᠨ ᠤ ᠶᠡᠷᠦᠩᠬᠡᠶ ᠲᠤᠭ᠎ᠠ ᠨᠢ 13.7 ᠲᠦᠮᠡᠨ ᠬᠥᠮᠦᠨ ᠢ ᠳᠠᠪᠠᠪᠠ︔ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢ ᠨᠡᠶᠢᠲᠡ 112.41 ᠳ᠋ᠦᠡᠭᠰᠢᠭᠤᠷ ᠲᠦᠭᠦᠷᠢᠭ ᠴᠤᠭᠯᠠᠭᠤᠯᠵᠤ᠂ ᠨᠡᠶᠢᠲᠡ 50.71 ᠳ᠋ᠦᠡᠭᠰᠢᠭᠤᠷ ᠲᠥᠭᠦᠷᠢᠭ ᠢ ᠨᠢ ᠭᠠᠷᠭᠠᠨ ᠠᠪᠴᠠᠢ᠃ ᠡᠭᠦᠨ ᠳᠤ ᠳᠡᠭᠡᠷ᠎ᠡ ᠬᠠᠭᠠᠰ ᠵᠢᠯ ᠳᠤ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢ 8.93 ᠳ᠋ᠦᠡᠭᠰᠢᠭᠤᠷ ᠲᠥᠭᠦᠷᠢᠭ ᠴᠤᠭᠯᠠᠭᠤᠯᠵᠤ ᠂ 6.65 ᠳ᠋ᠦᠡᠭᠰᠢᠭᠤᠷ ᠲᠥᠭᠦᠷᠢᠭ ᠢ ᠨᠢ ᠭᠠᠷᠭᠠᠨ ᠠᠪᠤᠭᠰᠠᠨ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号