ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠳᠠᠪᠤᠷᠢᠲᠠᠨ ᠣᠷᠣᠭᠤᠯᠵᠤ ᠢᠷᠡᠬᠦ ᠠᠵᠢᠯ | ᠤᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠤᠯᠠᠮ ᠨᠢᠭᠡ ᠠᠯᠬᠤᠮ ᠲᠦᠯᠬᠢᠨ ᠠᠬᠢᠭᠤᠯᠵᠤ᠂ ᠳᠡᠭᠡᠳᠦ ᠲᠡᠰ | ᠳᠠᠪᠬᠤᠷᠭ᠎ᠠ ᠶᠢᠨ ᠴᠢᠳᠠᠪᠤᠷᠢᠲᠠᠳ ᠢ ᠶᠡᠭᠡ ᠪᠠᠷ ᠲᠥᠪᠯᠡᠷᠡᠭᠦᠯᠦᠨ ᠥᠪᠥᠷ ᠮᠣᠩᠭᠤᠯ ᠳᠤ ᠢᠷᠡᠵᠦ ᠰᠢᠨ᠎ᠡ ᠶᠢ ᠡᠭᠦᠳᠴᠦ | ᠠᠳᠠᠯ ᠦᠢᠯᠡᠰ ᠴᠣᠭᠴᠠᠯᠠᠭᠤᠯᠬᠤ ᠶᠢᠨ ᠲᠤᠰᠠᠳᠠ᠂ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ | ᠪᠠᠲᠤᠯᠠᠭ᠎ᠠ ᠶᠢᠨ ᠲᠢᠩᠬᠢᠮ 2017 ᠣᠨ ᠤ ᠪᠥᠬᠦ ᠣᠷᠣᠨ ᠤ ᠴᠢᠳᠠᠪᠤᠷᠢᠲᠠᠨ ᠤ ᠠᠵᠢᠯ ᠤᠨ ᠪᠠᠶᠢᠷᠢᠯᠠᠭᠤᠯᠤᠯᠲᠠ ᠶᠢ | ᠦᠨᠳᠦᠰᠦᠯᠡᠨ᠂ ᠳᠡᠭᠡᠳᠦ ᠳᠡᠰ ᠳᠠᠪᠬᠤᠷᠭ᠎ᠠ ᠶᠢᠨ ᠴᠢᠳᠠᠪᠤᠷᠢᠲᠠᠨ ᠤ ᠠᠵᠢᠯ ᠤᠨ ᠪᠠᠶᠢᠷᠢ ᠶᠢᠨ ᠬᠡᠷᠡᠭᠴᠡᠭᠡᠨ ᠤ ᠮᠡᠳᠡᠭᠡ | ᠵᠠᠩᠭᠢ ᠶᠢ ᠥᠷᠭᠡᠨ ᠢᠶᠠᠷ ᠴᠤᠭᠯᠠᠭᠤᠯᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2017 | ᠣᠨ ᠤ ᠳᠡᠭᠡᠳᠦ ᠳᠡᠰ ᠳᠠᠪᠬᠤᠷᠭ᠎ᠠ ᠶᠢᠨ ᠴᠢᠳᠠᠪᠤᠷᠢᠲᠠᠨ ᠤ ᠬᠡᠷᠡᠭᠴᠡᠭᠡ ᠶᠢᠨ ᠭᠠᠷᠴᠠᠭ︾ ︵ᠳᠣᠷᠣᠭᠰᠢ ︽ | ᠭᠠᠷᠴᠠᠭ︾ ᠭᠡᠵᠦ ᠲᠣᠪᠴᠢᠯᠠᠨ᠎ᠠ︶ ᠢ ᠨᠠᠶᠢᠷᠠᠭᠤᠯᠤᠨ ᠵᠣᠬᠢᠶᠠᠵᠤ᠂ ᠡᠳᠦᠭᠡ ᠨᠡᠶᠢᠲᠡᠯᠡᠪᠡ᠃ | ︽ᠭᠠᠷᠴᠠᠭ︾ ᠲᠤ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ | ᠭᠠᠵᠠᠷ᠂ ᠡᠮᠨᠡᠯᠭᠡ ᠶᠢᠨ ᠬᠤᠷᠢᠶ᠎ᠠ ᠵᠡᠷᠭᠡ ᠣᠷᠣᠨ ᠤ ᠰᠢᠭᠤᠳ ᠬᠠᠷᠢᠶ᠎ᠠ ᠠᠵᠢᠯ ᠦᠢᠯᠡᠰ ᠤᠨ ᠨᠢᠭᠡᠴᠡ᠂ ᠲᠤᠮᠤ | ᠳᠤᠮᠳᠠ ᠬᠡᠯᠪᠡᠷᠢ ᠶᠢᠨ ᠠᠵᠤ ᠠᠬᠤᠶᠢᠯᠠᠯ ᠵᠢᠴᠢ ᠬᠡᠰᠡᠭ ᠠᠶᠢᠮᠠᠭ ᠬᠤᠲᠠ ᠶᠢᠨ ᠠᠵᠢᠯ ᠦᠢᠯᠡᠰ ᠤᠨ ᠨᠢᠭᠡᠴᠡ ᠪᠣᠯᠣᠨ | ᠠᠵᠤ ᠠᠬᠤᠶᠢᠯᠠᠯ ᠢ ᠬᠠᠮᠤᠷᠴᠤ᠂ ᠵᠢᠭᠠᠨ ᠰᠤᠷᠭᠠᠬᠤ᠂ ᠰᠢᠨᠵᠢᠯᠡᠬᠦ ᠤᠬᠠᠭᠠᠨ ᠤ ᠰᠤᠳᠤᠯᠤᠯ᠂ ᠡᠮ ᠡᠮᠨᠡᠯᠭᠡ᠂ | ᠬᠠᠮᠢᠶᠠᠷᠤᠯᠲᠠ᠂ ᠮᠡᠷᠭᠡᠵᠢᠯ ᠵᠡᠷᠭᠡ 995 ᠠᠵᠢᠯ ᠤᠨ ᠪᠠᠶᠢᠷᠢ ᠶᠢᠨ ᠨᠡᠶᠢᠲᠡ 1617 ᠬᠥᠮᠦᠨ ᠢ ᠪᠠᠭᠲᠠᠭᠠᠪᠠ᠂ | ᠡᠳᠡᠭᠡᠷ ᠨᠢ ᠴᠥᠮ ᠡᠯ᠎ᠡ ᠭᠠᠵᠠᠷ ᠣᠷᠣᠨ᠂ ᠡᠯ᠎ᠡ ᠨᠢᠭᠡᠴᠡ ᠶᠢᠨ ᠪᠠᠴᠢᠮ ᠬᠡᠷᠡᠭᠰᠡᠬᠦ ᠬᠤᠪᠣᠷ ᠴᠤᠬᠠᠭ ᠴᠢᠳᠠᠪᠤᠷᠢᠲᠠᠨ | ᠪᠣᠯᠣᠨ᠎ᠠ᠃ ᠬᠥᠮᠦᠨ ᠬᠡᠷᠡᠭᠯᠡᠬᠦ ᠨᠢᠭᠡᠴᠡ ᠨᠢ ᠠᠵᠢᠯ ᠤᠨ ᠪᠠᠶᠢᠷᠢ ᠶᠢᠨ ᠣᠨᠴᠠᠯᠢᠭ ᠢᠶᠠᠨ ᠦᠨᠳᠦᠰᠦᠯᠡᠨ᠂ | ᠣᠷᠣᠭᠤᠯᠤᠨ ᠠᠪᠴᠢᠷᠠᠬᠤ ᠴᠢᠳᠠᠪᠤᠷᠢᠲᠠᠨ ᠤ ᠲᠤᠰᠬᠠᠶ ᠮᠡᠷᠭᠡᠵᠢᠯ᠂ ᠡᠷᠳᠡᠮ ᠰᠢᠨᠵᠢᠯᠡᠭᠡᠨ ᠤ ᠬᠢᠷᠢ ᠲᠦᠪᠰᠢᠨ ᠵᠡᠷᠭᠡ | ᠲᠠᠯ᠎ᠠ ᠪᠠᠷ ᠪᠣᠳᠠᠲᠠᠶ ᠱᠠᠭᠠᠷᠳᠠᠯᠭ᠎ᠠ ᠳᠤᠷᠠᠳᠴᠤ᠂ ᠨᠥᠬᠦᠴᠡᠯ ᠳᠤ ᠨᠡᠶᠢᠴᠡᠭᠰᠡᠨ ᠡᠯ᠎ᠡ ᠲᠦᠷᠦᠯ ᠤᠨ ᠴᠢᠳᠠᠪᠤᠷᠢᠲᠠᠨ ᠨᠢ | ᠬᠥᠮᠦᠨ ᠬᠡᠷᠡᠭᠯᠡᠬᠦ ᠨᠢᠭᠡᠴᠡ ᠲᠠᠢ ᠰᠢᠭᠤᠳ ᠬᠠᠷᠢᠯᠴᠠᠵᠤ ᠪᠣᠯᠤᠨ᠎ᠠ᠃ | ︽ᠭᠠᠷᠴᠠᠭ︾ ᠢ ᠨᠡᠶᠢᠲᠡᠯᠡᠭᠰᠡᠨ ᠶᠠᠪᠤᠳᠠᠯ ᠨᠢ᠂ ᠥᠪᠥᠷ ᠮᠣᠩᠭᠤᠯ ᠤᠨ ᠪᠦᠬᠦ ᠤᠯᠤᠰ ᠲᠤ ᠬᠠᠨᠳᠤᠭᠤᠯᠤᠨ | ᠳᠡᠭᠡᠳᠦ ᠲᠡᠰ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠶᠢ ᠵᠣᠯᠭᠠᠯᠳᠤᠭᠤᠯᠬᠤ ᠲᠠᠪᠴᠠᠩ ᠢ ᠪᠠᠶᠢᠭᠤᠯᠵᠤ᠂ | ᠥᠪᠡᠷᠲᠡᠭᠡᠨ ᠵᠠᠰᠠᠬᠤ ᠣᠷᠣᠨ ᠤ ᠳᠡᠭᠡᠳᠦ ᠲᠠᠰ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠠᠵᠢᠯ ᠤᠨ | ᠢᠯᠡᠴᠡ ᠪᠣᠯᠣᠨ ᠲᠤᠲᠤᠴᠠ ᠶᠢᠨ ᠬᠡᠮᠵᠢᠶ᠎ᠡ ᠶᠢ ᠳᠡᠭᠡᠭᠰᠢᠯᠡᠭᠦᠯᠦᠨ᠂ ᠲᠠᠷᠠᠭᠠᠴᠢ ᠶᠢᠨ ᠠᠯᠬᠤᠮ ᠳᠤ ᠳᠡᠭᠡᠳᠦ ᠲᠠᠰ ᠤᠨ | ᠴᠢᠳᠠᠪᠤᠷᠢᠲᠠᠨ ᠢ ᠣᠷᠣᠭᠤᠯᠤᠨ ᠠᠪᠴᠢᠷᠠᠬᠤ ᠠᠵᠢᠯ ᠢ ᠰᠠᠶᠢᠲᠤᠷ ᠬᠢᠬᠦ ᠳᠤ ᠰᠠᠭᠤᠷᠢ ᠲᠠᠯᠪᠢᠵᠤ ᠥᠭᠭᠦᠭᠰᠡᠨ ᠪᠠᠶᠢᠨ᠎ᠠ᠃ | ︽ᠭᠠᠷᠴᠠᠭ︾ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠰᠦᠯᠵᠢᠶ᠎ᠡ ᠪᠣᠯᠣᠨ ︽ᠥᠪᠥᠷ ᠮᠣᠩᠭᠤᠯ ᠤᠨ ᠡᠳᠦᠷ ᠤᠨ ᠰᠣᠨᠢᠨ︾ ᠳᠡᠭᠡᠷ᠎ᠡ ᠬᠠᠮᠲᠤ ᠳᠤᠨᠢ ᠵᠠᠷᠯᠠᠨ | ᠨᠡᠶᠢᠲᠡᠯᠡᠨ᠎ᠡ᠃ | ᠠᠵᠢᠯ ᠤᠨ ᠪᠠᠶᠢᠷᠢ ᠶᠢᠨ ᠮᠡᠳᠡᠭᠡ ᠵᠠᠩᠭᠢ ᠶᠢ ᠪᠠᠶᠢᠴᠠᠭᠠᠨ ᠯᠠᠪᠯᠠᠬᠤ ᠰᠦᠯᠵᠢᠶᠡᠨ ᠤ ᠬᠠᠶ᠋ᠢᠭ᠄ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ ︵ | http://www.nmg.gov.cn︶ | ᠤᠮᠠᠷᠠᠲᠤ ᠶᠢᠨ ᠬᠤᠰᠢᠭᠤᠴᠢ ᠰᠦᠯᠵᠢᠶ᠎ᠡ ︵http://www.nmgdj.gov.cn︶ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ | ᠪᠠᠲᠤᠯᠠᠭ᠎ᠠ ᠶᠢᠨ ᠰᠦᠯᠵᠢᠶ᠎ᠡ ︵http://www.nm12333.cn︶ | ᠥᠪᠥᠷ ᠮᠣᠩᠭᠤᠯ ᠤᠨ ᠴᠢᠳᠠᠪᠤᠷᠢᠲᠠᠨ ᠤ ᠠᠵᠢᠯ ᠤᠨ ᠰᠦᠯᠵᠢᠶ᠎ᠡ ︵http://rcgz.nmgdj.gov.cn︶ | ᠥᠪᠥᠷ ᠮᠣᠩᠭᠤᠯ ᠤᠨ ᠴᠢᠳᠠᠪᠤᠷᠢᠲᠠᠨ ᠤ ᠰᠦᠯᠵᠢᠶ᠎ᠡ ︵http://www.nmgrc.com︶ | ᠳᠠᠭᠠᠯᠳᠤᠭᠤᠯᠤᠯ᠄ | ᠳᠠᠭᠠᠯᠳᠤᠭᠤᠯᠤᠯ᠄ 2017 ᠣᠨ ᠤ ᠴᠢᠳᠠᠪᠤᠷᠢᠲᠠᠨ ᠤᠷᠢᠬᠤ ᠭᠠᠷᠴᠠᠭ᠃ |