︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2017 ᠣᠨ ᠤ ᠳᠡᠭᠡᠳᠦ ᠳᠡᠰ ᠳᠠᠪᠬᠤᠷᠭ᠎ᠠ ᠶᠢᠨ ᠴᠢᠳᠠᠪᠤᠷᠢᠲᠠᠨ ᠤ ᠬᠡᠷᠡᠭᠴᠡᠭᠡ ᠶᠢᠨ ᠭᠠᠷᠴᠠᠭ︾ ᠢ ᠨᠡᠶᠢᠲᠡᠯᠡᠬᠦ ᠲᠣᠬᠠᠢ ᠠᠯᠪᠠᠨ ᠵᠠᠷ
ᠨᠡᠶᠢᠲᠡᠯᠡᠭᠰᠡᠨ ᠴᠠᠭ᠄
2017/7/27
     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠳᠠᠪᠤᠷᠢᠲᠠᠨ ᠣᠷᠣᠭᠤᠯᠵᠤ ᠢᠷᠡᠬᠦ ᠠᠵᠢᠯ  ᠤᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠤᠯᠠᠮ ᠨᠢᠭᠡ ᠠᠯᠬᠤᠮ ᠲᠦᠯᠬᠢᠨ ᠠᠬᠢᠭᠤᠯᠵᠤ᠂  ᠳᠡᠭᠡᠳᠦ ᠲᠡᠰ ᠳᠠᠪᠬᠤᠷᠭ᠎ᠠ ᠶᠢᠨ ᠴᠢᠳᠠᠪᠤᠷᠢᠲᠠᠳ ᠢ ᠶᠡᠭᠡ ᠪᠠᠷ ᠲᠥᠪᠯᠡᠷᠡᠭᠦᠯᠦᠨ ᠥᠪᠥᠷ ᠮᠣᠩᠭᠤᠯ ᠳᠤ ᠢᠷᠡᠵᠦ ᠰᠢᠨ᠎ᠡ ᠶᠢ ᠡᠭᠦᠳᠴᠦ ᠠᠳᠠᠯ ᠦᠢᠯᠡᠰ ᠴᠣᠭᠴᠠᠯᠠᠭᠤᠯᠬᠤ ᠶᠢᠨ ᠲᠤᠰᠠᠳᠠ᠂ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ 2017 ᠣᠨ ᠤ ᠪᠥᠬᠦ ᠣᠷᠣᠨ ᠤ ᠴᠢᠳᠠᠪᠤᠷᠢᠲᠠᠨ ᠤ ᠠᠵᠢᠯ ᠤᠨ ᠪᠠᠶᠢᠷᠢᠯᠠᠭᠤᠯᠤᠯᠲᠠ ᠶᠢ ᠦᠨᠳᠦᠰᠦᠯᠡᠨ᠂ ᠳᠡᠭᠡᠳᠦ ᠳᠡᠰ ᠳᠠᠪᠬᠤᠷᠭ᠎ᠠ ᠶᠢᠨ ᠴᠢᠳᠠᠪᠤᠷᠢᠲᠠᠨ ᠤ ᠠᠵᠢᠯ ᠤᠨ ᠪᠠᠶᠢᠷᠢ ᠶᠢᠨ ᠬᠡᠷᠡᠭᠴᠡᠭᠡᠨ ᠤ ᠮᠡᠳᠡᠭᠡ ᠵᠠᠩᠭᠢ ᠶᠢ ᠥᠷᠭᠡᠨ ᠢᠶᠠᠷ ᠴᠤᠭᠯᠠᠭᠤᠯᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2017 ᠣᠨ ᠤ ᠳᠡᠭᠡᠳᠦ ᠳᠡᠰ ᠳᠠᠪᠬᠤᠷᠭ᠎ᠠ ᠶᠢᠨ ᠴᠢᠳᠠᠪᠤᠷᠢᠲᠠᠨ ᠤ ᠬᠡᠷᠡᠭᠴᠡᠭᠡ ᠶᠢᠨ ᠭᠠᠷᠴᠠᠭ︾ ︵ᠳᠣᠷᠣᠭᠰᠢ ︽ᠭᠠᠷᠴᠠᠭ︾ ᠭᠡᠵᠦ ᠲᠣᠪᠴᠢᠯᠠᠨ᠎ᠠ︶ ᠢ ᠨᠠᠶᠢᠷᠠᠭᠤᠯᠤᠨ ᠵᠣᠬᠢᠶᠠᠵᠤ᠂  ᠡᠳᠦᠭᠡ ᠨᠡᠶᠢᠲᠡᠯᠡᠪᠡ᠃      ︽ᠭᠠᠷᠴᠠᠭ︾ ᠲᠤ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ᠂ ᠡᠮᠨᠡᠯᠭᠡ ᠶᠢᠨ ᠬᠤᠷᠢᠶ᠎ᠠ ᠵᠡᠷᠭᠡ ᠣᠷᠣᠨ ᠤ ᠰᠢᠭᠤᠳ ᠬᠠᠷᠢᠶ᠎ᠠ ᠠᠵᠢᠯ ᠦᠢᠯᠡᠰ ᠤᠨ ᠨᠢᠭᠡᠴᠡ᠂ ᠲᠤᠮᠤ ᠳᠤᠮᠳᠠ ᠬᠡᠯᠪᠡᠷᠢ ᠶᠢᠨ ᠠᠵᠤ ᠠᠬᠤᠶᠢᠯᠠᠯ ᠵᠢᠴᠢ ᠬᠡᠰᠡᠭ ᠠᠶᠢᠮᠠᠭ ᠬᠤᠲᠠ ᠶᠢᠨ ᠠᠵᠢᠯ ᠦᠢᠯᠡᠰ ᠤᠨ ᠨᠢᠭᠡᠴᠡ ᠪᠣᠯᠣᠨ ᠠᠵᠤ ᠠᠬᠤᠶᠢᠯᠠᠯ ᠢ ᠬᠠᠮᠤᠷᠴᠤ᠂ ᠵᠢᠭᠠᠨ ᠰᠤᠷᠭᠠᠬᠤ᠂ ᠰᠢᠨᠵᠢᠯᠡᠬᠦ ᠤᠬᠠᠭᠠᠨ ᠤ ᠰᠤᠳᠤᠯᠤᠯ᠂ ᠡᠮ ᠡᠮᠨᠡᠯᠭᠡ᠂ ᠬᠠᠮᠢᠶᠠᠷᠤᠯᠲᠠ᠂ ᠮᠡᠷᠭᠡᠵᠢᠯ ᠵᠡᠷᠭᠡ 995 ᠠᠵᠢᠯ ᠤᠨ ᠪᠠᠶᠢᠷᠢ ᠶᠢᠨ ᠨᠡᠶᠢᠲᠡ 1617 ᠬᠥᠮᠦᠨ ᠢ ᠪᠠᠭᠲᠠᠭᠠᠪᠠ᠂ ᠡᠳᠡᠭᠡᠷ  ᠨᠢ ᠴᠥᠮ ᠡᠯ᠎ᠡ ᠭᠠᠵᠠᠷ ᠣᠷᠣᠨ᠂ ᠡᠯ᠎ᠡ ᠨᠢᠭᠡᠴᠡ ᠶᠢᠨ ᠪᠠᠴᠢᠮ ᠬᠡᠷᠡᠭᠰᠡᠬᠦ ᠬᠤᠪᠣᠷ ᠴᠤᠬᠠᠭ ᠴᠢᠳᠠᠪᠤᠷᠢᠲᠠᠨ ᠪᠣᠯᠣᠨ᠎ᠠ᠃ ᠬᠥᠮᠦᠨ ᠬᠡᠷᠡᠭᠯᠡᠬᠦ ᠨᠢᠭᠡᠴᠡ ᠨᠢ ᠠᠵᠢᠯ ᠤᠨ ᠪᠠᠶᠢᠷᠢ ᠶᠢᠨ ᠣᠨᠴᠠᠯᠢᠭ ᠢᠶᠠᠨ ᠦᠨᠳᠦᠰᠦᠯᠡᠨ᠂  ᠣᠷᠣᠭᠤᠯᠤᠨ ᠠᠪᠴᠢᠷᠠᠬᠤ ᠴᠢᠳᠠᠪᠤᠷᠢᠲᠠᠨ ᠤ ᠲᠤᠰᠬᠠᠶ ᠮᠡᠷᠭᠡᠵᠢᠯ᠂ ᠡᠷᠳᠡᠮ ᠰᠢᠨᠵᠢᠯᠡᠭᠡᠨ ᠤ ᠬᠢᠷᠢ ᠲᠦᠪᠰᠢᠨ ᠵᠡᠷᠭᠡ ᠲᠠᠯ᠎ᠠ ᠪᠠᠷ ᠪᠣᠳᠠᠲᠠᠶ ᠱᠠᠭᠠᠷᠳᠠᠯᠭ᠎ᠠ ᠳᠤᠷᠠᠳᠴᠤ᠂ ᠨᠥᠬᠦᠴᠡᠯ ᠳᠤ ᠨᠡᠶᠢᠴᠡᠭᠰᠡᠨ ᠡᠯ᠎ᠡ ᠲᠦᠷᠦᠯ ᠤᠨ ᠴᠢᠳᠠᠪᠤᠷᠢᠲᠠᠨ ᠨᠢ ᠬᠥᠮᠦᠨ ᠬᠡᠷᠡᠭᠯᠡᠬᠦ ᠨᠢᠭᠡᠴᠡ ᠲᠠᠢ ᠰᠢᠭᠤᠳ ᠬᠠᠷᠢᠯᠴᠠᠵᠤ ᠪᠣᠯᠤᠨ᠎ᠠ᠃      ︽ᠭᠠᠷᠴᠠᠭ︾ ᠢ ᠨᠡᠶᠢᠲᠡᠯᠡᠭᠰᠡᠨ ᠶᠠᠪᠤᠳᠠᠯ ᠨᠢ᠂ ᠥᠪᠥᠷ ᠮᠣᠩᠭᠤᠯ ᠤᠨ ᠪᠦᠬᠦ ᠤᠯᠤᠰ ᠲᠤ ᠬᠠᠨᠳᠤᠭᠤᠯᠤᠨ ᠳᠡᠭᠡᠳᠦ ᠲᠡᠰ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠶᠢ ᠵᠣᠯᠭᠠᠯᠳᠤᠭᠤᠯᠬᠤ ᠲᠠᠪᠴᠠᠩ ᠢ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠳᠡᠭᠡᠳᠦ ᠲᠠᠰ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠠᠵᠢᠯ ᠤᠨ ᠢᠯᠡᠴᠡ ᠪᠣᠯᠣᠨ ᠲᠤᠲᠤᠴᠠ ᠶᠢᠨ ᠬᠡᠮᠵᠢᠶ᠎ᠡ ᠶᠢ ᠳᠡᠭᠡᠭᠰᠢᠯᠡᠭᠦᠯᠦᠨ᠂ ᠲᠠᠷᠠᠭᠠᠴᠢ ᠶᠢᠨ ᠠᠯᠬᠤᠮ ᠳᠤ ᠳᠡᠭᠡᠳᠦ ᠲᠠᠰ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠠᠵᠢᠯ ᠢ ᠰᠠᠶᠢᠲᠤᠷ ᠬᠢᠬᠦ ᠳᠤ ᠰᠠᠭᠤᠷᠢ ᠲᠠᠯᠪᠢᠵᠤ ᠥᠭᠭᠦᠭᠰᠡᠨ ᠪᠠᠶᠢᠨ᠎ᠠ᠃ ︽ᠭᠠᠷᠴᠠᠭ︾ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ ᠪᠣᠯᠣᠨ ︽ᠥᠪᠥᠷ ᠮᠣᠩᠭᠤᠯ ᠤᠨ ᠡᠳᠦᠷ ᠤᠨ ᠰᠣᠨᠢᠨ︾ ᠳᠡᠭᠡᠷ᠎ᠡ ᠬᠠᠮᠲᠤ ᠳᠤᠨᠢ ᠵᠠᠷᠯᠠᠨ ᠨᠡᠶᠢᠲᠡᠯᠡᠨ᠎ᠡ᠃      ᠠᠵᠢᠯ ᠤᠨ ᠪᠠᠶᠢᠷᠢ ᠶᠢᠨ ᠮᠡᠳᠡᠭᠡ ᠵᠠᠩᠭᠢ ᠶᠢ ᠪᠠᠶᠢᠴᠠᠭᠠᠨ ᠯᠠᠪᠯᠠᠬᠤ ᠰᠦᠯᠵᠢᠶᠡᠨ ᠤ ᠬᠠᠶ᠋ᠢᠭ᠄      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ ︵http://www.nmg.gov.cn      ᠤᠮᠠᠷᠠᠲᠤ ᠶᠢᠨ ᠬᠤᠰᠢᠭᠤᠴᠢ ᠰᠦᠯᠵᠢᠶ᠎ᠡ ︵http://www.nmgdj.gov.cn      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠰᠦᠯᠵᠢᠶ᠎ᠡ ︵http://www.nm12333.cn      ᠥᠪᠥᠷ ᠮᠣᠩᠭᠤᠯ ᠤᠨ ᠴᠢᠳᠠᠪᠤᠷᠢᠲᠠᠨ ᠤ ᠠᠵᠢᠯ ᠤᠨ ᠰᠦᠯᠵᠢᠶ᠎ᠡ ︵http://rcgz.nmgdj.gov.cn      ᠥᠪᠥᠷ ᠮᠣᠩᠭᠤᠯ ᠤᠨ ᠴᠢᠳᠠᠪᠤᠷᠢᠲᠠᠨ ᠤ ᠰᠦᠯᠵᠢᠶ᠎ᠡ ︵http://www.nmgrc.comᠳᠠᠭᠠᠯᠳᠤᠭᠤᠯᠤᠯ᠄ ᠳᠠᠭᠠᠯᠳᠤᠭᠤᠯᠤᠯ᠄ 2017 ᠣᠨ ᠤ ᠴᠢᠳᠠᠪᠤᠷᠢᠲᠠᠨ ᠤᠷᠢᠬᠤ ᠭᠠᠷᠴᠠᠭ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号