ᠥᠪᠡᠷᠲᠡᠭᠡᠨ ᠵᠠᠰᠠᠬᠤ ᠣᠷᠣᠨ ᠤ ︽ᠲᠣᠯᠣᠭᠠᠨ ᠲᠣᠣᠷ ᠢ ᠵᠡᠷᠭᠡᠪᠡᠷ ᠪᠠᠶᠢᠭᠤᠯᠬᠤ︾ ᠪᠠᠶᠢᠯᠳᠤᠬᠤ | ᠪᠤᠳᠤᠯᠭ᠎ᠠ ᠶᠢᠨ ᠬᠡᠷᠡᠭᠵᠢᠭᠦᠯᠦᠯᠲᠡ ᠪᠠᠷ ᠳᠠᠮᠵᠢᠨ᠂ ᠲᠡᠮᠦᠷ ᠵᠡᠮ ᠤᠨ ᠲᠣᠣᠷ᠂ ᠵᠠᠰᠠᠮᠠᠯ ᠵᠠᠮ ᠤᠨ ᠲᠣᠣᠷ ᠤᠨ | ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠥᠪᠥᠷ ᠮᠣᠩᠭᠤᠯ ᠢᠶᠠᠨ ᠠᠽᠢᠶ᠎ᠠ ᠧᠦ᠋ᠷᠣᠫᠠ ᠶᠢᠨ ᠡᠬᠡ | ᠬᠠᠭᠤᠷᠠᠶ ᠶᠢᠨ ᠬᠥᠭᠦᠷᠭᠡ ᠶᠢᠨ ᠬᠥᠭᠦᠷᠭᠡᠨ ᠪᠠᠬᠢᠯᠡᠯᠲᠡ ᠪᠣᠯᠭᠠᠨ ᠰᠠᠶᠢᠨ ᠰᠠᠶᠢᠬᠠᠨ ᠲᠥᠰᠦᠪ ᠶᠠᠭ ᠢᠳᠡᠭ | ᠢᠳᠡᠭ ᠢᠶᠠᠷ ᠥᠷᠨᠢᠵᠦ ᠪᠠᠶᠢᠨ᠎ᠠ᠃ 2016 ᠣᠨ ᠤ ᠵᠢᠯ ᠤᠨ ᠡᠴᠦᠰ ᠪᠣᠯᠲᠠᠯ᠎ᠠ᠂ ᠪᠦᠬᠦ ᠣᠷᠣᠨ ᠤ ᠲᠡᠮᠦᠷ | ᠵᠠᠮ ᠤᠨ ᠡᠵᠡᠩᠨᠡᠵᠦ ᠪᠦᠬᠦᠢ ᠵᠠᠮ ᠤᠨ ᠤᠷᠲᠤ ᠨᠢ 1.37 ᠲᠦᠮᠡᠨ ᠺᠢᠯᠣᠮᠧᠲᠷ ᠲᠤ ᠬᠦᠷᠴᠦ᠂ ᠪᠦᠬᠦ ᠤᠯᠤᠰ ᠤᠨ | ᠲᠡᠮᠦᠷ ᠵᠠᠮ ᠤᠨ ᠶᠡᠷᠦᠩᠬᠡᠶ ᠣᠷᠳᠣ ᠶᠢᠨ 11% ᠶᠢ ᠡᠵᠡᠯᠡᠵᠦ᠂ ᠪᠦᠬᠦ ᠤᠯᠤᠰ ᠲᠤ ᠣᠷᠣᠶᠢᠯᠠᠵᠠᠢ ᠃ ᠥᠪᠡᠷᠲᠡᠭᠡᠨ | ᠵᠠᠰᠠᠬᠤ ᠣᠷᠣᠨ ᠤ ᠬᠢᠯᠢ ᠳᠣᠲᠣᠷᠠᠬᠢ ᠲᠡᠮᠦᠷ ᠵᠠᠮ ᠤᠨ ᠲᠣᠣᠷ ᠣᠳᠣᠬᠠᠨ ᠳᠤ 97% ᠬᠤᠰᠢᠭᠤ ᠰᠢᠶᠠᠨ ᠢ | ᠬᠠᠮᠤᠷᠴᠤ᠂ ᠡᠷᠭᠢᠨ ᠲᠣᠭᠤᠷᠢᠨ ᠤ 8 ᠮᠤᠵᠢ ᠤᠷᠤᠨ ᠯᠤᠭ᠎ᠠ ᠬᠤᠯᠪᠣᠯᠳᠣᠵᠠᠢ︔ ᠤᠷᠤᠰ ᠪᠣᠯᠤᠨ ᠮᠣᠩᠭᠤᠯ ᠤᠯᠤᠰ | ᠯᠤᠭ᠎ᠠ ᠶᠢᠨ 13 ᠬᠠᠭᠤᠷᠠᠶ ᠵᠠᠮ ᠤᠨ ᠪᠣᠭᠤᠮᠲᠠ ᠶᠢᠨ ᠳᠣᠲᠣᠷ᠎ᠠ᠂ ᠲᠠᠪᠤᠨ ᠪᠣᠭᠤᠮᠲᠠ ᠳᠤᠨᠢ ᠨᠢᠭᠡᠨᠲᠡ ᠲᠡᠮᠦᠷ ᠵᠠᠮ | ᠨᠡᠪᠲᠡᠷᠡᠵᠦ᠂ ︽ᠭᠤᠷᠪᠠᠨ ᠤᠮᠠᠷᠠᠲᠤ︾ ᠶᠢ ᠬᠤᠯᠪᠣᠭᠰᠠᠨ᠂ ᠬᠢᠯᠢ ᠳᠤ ᠨᠡᠪᠲᠡᠷᠡᠵᠦ ᠳᠠᠯᠠᠢ ᠳᠤ ᠲᠤᠯᠤᠭᠰᠠᠨ | ᠠᠶᠠᠨᠴᠢᠳ ᠬᠢᠭᠡᠳ ᠲᠡᠭᠡᠭᠡᠪᠦᠷᠢ ᠶᠢᠨ ᠰᠢᠭᠤᠳ ᠵᠠᠮ ᠪᠣᠯᠣᠨ ᠤᠷᠤᠨ ᠤ ᠳᠣᠲᠣᠭᠠᠳᠤ ᠶᠢᠨ ᠵᠡᠭᠦᠨ ᠪᠠᠷᠠᠭᠤᠨ ᠢ | ᠬᠤᠯᠪᠤᠭᠰᠠᠨ ᠭᠤᠣᠯ ᠱᠤᠭᠤᠮ ᠤᠨ ᠵᠠᠮ ᠢ ᠠᠩᠬ᠎ᠠ ᠠᠯᠬᠤᠮ ᠪᠦᠷᠢᠯᠳᠦᠭᠦᠯᠪᠡ᠃ | ᠵᠠᠰᠠᠮᠠᠯ ᠵᠠᠮ ᠤᠨ ᠲᠣᠣᠷ᠂ ᠲᠡᠮᠦᠷ ᠵᠡᠮ ᠤᠨ ᠲᠣᠣᠷ ᠠᠴᠠ ᠭᠠᠳᠠᠨ᠎ᠠ᠂ ᠮᠠᠨ ᠤ ᠣᠷᠣᠨ ᠪᠠᠰᠠ ᠠᠭᠠᠷ ᠤᠨ | ᠠᠶᠠᠯᠠᠯ ᠤᠨ ᠲᠣᠣᠷ᠂ ᠤᠰᠤᠨ ᠠᠰᠢᠭᠯᠠᠯᠲᠠ ᠶᠢᠨ ᠲᠣᠣᠷ᠂ ᠬᠤᠳᠠ ᠶᠢᠨ ᠶᠠᠪᠤᠳᠠᠯ ᠤᠨ ᠲᠣᠣᠷ᠂ ᠡᠨᠧᠷᠭᠢ ᠶᠢᠨ | ᠲᠣᠣᠷ᠂ ᠮᠡᠳᠡᠭᠡ ᠵᠠᠩᠭᠢ ᠴᠢᠮᠡᠭᠡ ᠬᠤᠯᠪᠣᠭᠠᠨ ᠤ ᠲᠣᠣᠷ ᠢ ᠶᠡᠬᠡᠪᠡᠷ ᠬᠥᠭᠵᠢᠭᠦᠯᠵᠦ᠂ ᠳᠣᠯᠣᠭᠠᠨ ᠶᠡᠭᠡ ᠲᠣᠣᠷ | ᠰᠦᠯᠵᠢᠶᠡᠨ ᠤ ᠰᠢᠰᠲ᠋ᠧᠮᠵᠢ ᠶᠢ ᠵᠣᠬᠢᠰᠲᠠᠶ ᠪᠠᠶᠢᠷᠢᠯᠠᠭᠤᠯᠤᠭᠰᠠᠨ᠂ ᠨᠢᠭᠡᠳᠦᠯᠲᠡᠶ ᠲᠥᠯᠥᠪᠯᠡᠨ ᠨᠡᠶᠢᠳᠡᠮ ᠳᠤᠨᠢ | ᠬᠠᠷᠠᠭᠠᠯᠵᠠᠭᠰᠠᠨ᠂ ᠵᠡᠷᠭᠡ ᠪᠠᠷ ᠲᠦᠯᠬᠢᠨ ᠠᠬᠢᠭᠤᠯᠤᠭᠰᠠᠨ ᠬᠠᠯᠠᠭᠤᠨ ᠥᠷᠨᠢᠯᠲᠡ ᠶᠢ ᠪᠣᠢ ᠪᠣᠯᠭᠠᠭᠰᠠᠨ ᠪᠠᠶᠢᠨ᠎ᠠ᠃ |