6 ᠳ᠋ᠤᠭᠠᠷ ᠰᠠᠷ᠎ᠠ ᠶᠢᠨ 30 ᠤ ᠡᠳᠦᠷ᠂ ᠦᠪᠡᠷᠳᠡᠭᠡᠨ ᠵᠠᠰᠬᠠᠤ ᠤᠷᠤᠨ ᠤ ᠵᠠᠰᠠᠭ ᠤᠨ ᠤᠷᠳᠤᠨ ᠤ ᠨᠠᠮ | ᠤᠨ ᠤᠳᠤᠷᠢᠳᠬᠤ ᠲᠤᠭᠤᠶᠢᠯᠠᠩ ᠲᠤᠭᠤᠷᠢᠨ ᠪᠠᠶᠢᠴᠠᠭᠠᠵᠤ ︽ᠡᠷᠬᠢᠨ ᠬᠠᠷᠠᠬᠤ︾ ᠴᠡᠭᠴᠡᠯᠡᠨ ᠰᠠᠶᠢᠵᠢᠷᠠᠭᠤᠯᠬᠤ | ᠲᠤᠰᠬᠠᠢ ᠰᠡᠳᠦᠪᠳᠦ ᠠᠷᠠᠳᠴᠢᠯᠡᠯ ᠤᠨ ᠠᠮᠢᠳᠤᠷᠠᠯ ᠤᠨ ᠬᠤᠷᠠᠯ ᠬᠢᠵᠤ᠂ ᠶᠡᠷᠦᠩᠬᠡᠢ ᠱᠦᠵᠢ ᠰᠢ ᠶᠢᠨ ᠫᠢᠩ ᠤᠨ | ᠰᠢᠷᠢᠰ ᠴᠢᠬᠤᠯᠠ ᠶᠠᠷᠢᠶ᠎ᠠ ᠶᠢᠨ ᠵᠤᠷᠢᠭ ᠰᠠᠨᠠᠭ᠎ᠠ ᠪᠠ ᠲᠥᠷᠥ ᠶᠢ ᠵᠠᠰᠠᠵᠤ ᠵᠠᠰᠠᠭ ᠢ ᠡᠷᠬᠢᠯᠡᠭᠦ ᠰᠢᠨ᠎ᠠ ᠣᠨᠣᠯᠵᠢᠬᠤᠨ | ᠰᠢᠨ᠎ᠠ ᠦᠵᠡᠯ ᠰᠠᠨᠠᠭ᠎ᠠ ᠰᠢᠨ᠎ᠠ ᠪᠠᠶᠢᠯᠳᠤᠬᠤ ᠪᠤᠳᠤᠯᠭ᠎ᠠ ᠶᠢ ᠬᠢᠨᠠᠮᠠᠭᠠᠢ ᠰᠤᠷᠤᠯᠴᠠᠨ ᠲᠤᠤᠱᠯᠠᠭᠤᠯᠵᠤ᠂ ︽ᠲᠦᠷᠪᠡᠨ | ᠤᠬᠠᠮᠰᠠᠷ︾ ᠢᠶᠠᠨ ᠴᠢᠨᠠᠬᠰᠢᠳᠠ ᠴᠢᠩᠭᠠᠷᠠᠭᠤᠯᠵᠤ᠂ ᠲᠦᠪ ᠤᠨ ᠲᠤᠭᠤᠷᠢᠨ ᠪᠠᠶᠢᠴᠠᠭᠠᠵᠤ ᠬᠠᠷᠢᠭᠤ ᠲᠤᠰᠬᠠᠬᠰᠠᠨ | ᠰᠠᠨᠠᠯ ᠲᠠᠢ ᠬᠠᠷᠢᠴᠠᠭᠤᠯᠵᠤ᠂ ᠦᠵᠡᠯ ᠰᠠᠨᠠᠭ᠎ᠠ ᠪᠠ ᠠᠵᠢᠯ ᠤᠨ ᠪᠤᠳᠠᠳᠠᠢ ᠲᠠᠢ ᠪᠠᠨ ᠤᠶᠠᠯᠳᠤᠭᠤᠯᠤᠨ᠂ ᠠᠰᠠᠭᠤᠳᠠᠯ | ᠢᠶᠠᠨ ᠪᠠᠶᠢᠴᠠᠭᠠᠨ ᠲᠡᠯᠭᠡᠵᠤ᠂ ᠦᠨᠳᠦᠰᠦ ᠰᠢᠯᠳᠠᠭᠠᠨ ᠢ ᠨᠢ ᠬᠦᠨᠵᠡᠭᠡᠢ ᠵᠠᠳᠠᠯᠵᠤ᠂ ᠴᠡᠭᠴᠡᠯᠡᠨ ᠰᠠᠶᠢᠵᠢᠷᠠᠭᠤᠯᠬᠤ | ᠴᠢᠭᠯᠡᠯ ᠪᠠ ᠠᠷᠭ᠎ᠠ ᠬᠡᠮᠵᠢᠶ᠎ᠠ ᠪᠠᠨ ᠲᠤᠳᠤᠷᠬᠠᠶᠢᠯᠠᠵᠤ᠂ ᠲᠤᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ | ᠢ ᠦᠨᠡᠨᠭᠦ ᠰᠠᠶᠢᠳᠤᠷ ᠠᠳᠬᠤᠵᠤ᠂ ᠨᠠᠮ ᠢ ᠬᠠᠮᠢᠶᠠᠷᠴᠤ ᠨᠠᠮ ᠢ ᠵᠠᠰᠠᠬᠤ ᠶᠢᠨ ᠤᠯᠤᠰ ᠲᠦᠷᠦ ᠶᠢᠨ | ᠬᠠᠷᠢᠭᠤᠴᠠᠯᠭ᠎ᠠ ᠪᠠᠨ ᠰᠠᠶᠢᠳᠤᠷ ᠬᠦᠢᠴᠡᠳᠭᠡᠪᠡ᠃ | ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ | ᠲᠡᠷᠢᠭᠦᠯᠡᠭᠴᠢ ᠪᠦ᠋ ᠰᠢᠶᠤᠤ ᠯᠢᠨ ᠬᠤᠷᠠᠯ ᠡᠷᠬᠢᠯᠡᠵᠦ᠂ ᠵᠠᠰᠠᠭ ᠤᠨ ᠤᠷᠳᠤᠨ ᠤ ᠨᠠᠮ ᠤᠨ ᠤᠳᠤᠷᠢᠳᠬᠤ | ᠲᠤᠭᠤᠶᠢᠯᠠᠩ ᠢ ᠲᠦᠯᠦᠭᠡᠯᠡᠨ ᠬᠠᠷᠢᠴᠠᠭᠤᠯᠣᠨ ᠪᠠᠶᠢᠴᠠᠭᠠᠬᠤ ᠶᠢᠨ ᠬᠠᠮᠳᠣ ᠬᠤᠪᠢ ᠬᠦᠮᠦᠨ ᠤ ᠬᠠᠷᠢᠴᠠᠭᠤᠯᠤᠨ | ᠪᠠᠶᠢᠴᠠᠭᠠᠯᠳᠠ ᠬᠢᠵᠤ᠂ ᠨᠠᠮ ᠤᠨ ᠤᠳᠤᠷᠢᠳᠬᠤ ᠲᠤᠭᠤᠶᠢᠯᠠᠩ ᠤᠨ ᠪᠤᠰᠤᠳ ᠪᠦᠷᠢᠯᠳᠦᠭᠦᠨ ᠨᠠᠷ ᠲᠤᠰ ᠲᠤᠰ | ᠬᠤᠪᠢ ᠬᠦᠮᠦᠨ ᠤ ᠬᠠᠷᠢᠴᠠᠭᠤᠯᠤᠨ ᠪᠠᠶᠢᠴᠠᠭᠠᠯᠳᠠ ᠬᠢᠵᠠᠢ᠃ ᠦᠪᠡᠷᠳᠡᠭᠡᠨ ᠵᠠᠰᠠᠬᠤ ᠤᠷᠤᠨ ᠤ ᠰᠠᠬᠢᠯᠭ᠎ᠠ ᠪᠠᠳᠤ | ᠪᠠᠶᠢᠴᠠᠭᠠᠬᠤ ᠬᠤᠷᠢᠶ᠎ᠠ᠂ ᠨᠠᠮ ᠤᠨ ᠬᠤᠷᠢᠶ᠎ᠠ ᠶᠢᠨ ᠵᠤᠬᠢᠶᠠᠨ ᠪᠠᠶᠢᠭᠤᠯᠬᠤ ᠬᠡᠯᠳᠡᠰ ᠤᠨ ᠬᠠᠮᠢᠶ᠎ᠠ ᠪᠦᠬᠦᠢ | ᠬᠠᠷᠢᠭᠤᠴᠠᠯᠭᠠᠲᠠᠨ ᠨᠦᠬᠦᠳ ᠬᠤᠷᠠᠯ ᠳᠤ ᠤᠷᠤᠯᠴᠠᠵᠤ ᠵᠢᠭᠠᠨ ᠵᠢᠯᠤᠭᠤᠳᠪᠠ᠃ | ᠬᠤᠷᠠᠯ ᠲᠡᠭᠡᠷ᠎ᠡ᠂ ᠵᠠᠰᠠᠭ ᠤᠨ ᠤᠷᠳᠤᠨ ᠤ ᠨᠠᠮ ᠤᠨ ᠤᠳᠤᠷᠢᠳᠬᠤ ᠲᠤᠭᠤᠶᠢᠯᠠᠩ ᠤᠨ ᠪᠦᠷᠢᠯᠳᠦᠭᠦᠨ ᠨᠠᠷ | ᠲᠦᠪ ᠴᠢᠩᠭ᠎ᠠ ᠨᠠᠷᠢᠨ ᠬᠢᠨᠠᠮᠠᠭᠠᠢ ᠰᠢᠭᠦᠮᠵᠢᠯᠡᠯ ᠪᠠ ᠦᠪᠡᠷ ᠤᠨ ᠰᠢᠭᠦᠮᠵᠢᠯᠡᠯ ᠬᠢᠪᠡ᠃ ᠲᠤᠭᠤᠷᠢᠨ ᠪᠠᠶᠢᠴᠠᠭᠠᠬᠰᠠᠨ | ᠱᠠᠭᠠᠷᠳᠠᠯᠭ᠎ᠠ ᠶᠤᠰᠤᠭᠠᠷ᠂ ᠤᠯᠤᠰ ᠲᠦᠷᠦ ᠶᠢᠨ ᠵᠤᠬᠰᠤᠴᠠ ᠪᠠ ᠤᠯᠤᠰ ᠲᠦᠷᠦ ᠶᠢᠨ ᠤᠬᠠᠮᠰᠠᠷ ᠢᠶᠠᠨ | ᠲᠡᠭᠡᠭᠰᠢᠯᠡᠭᠦᠯᠵᠤ᠂ ᠦᠪᠡᠷ ᠤᠨ ᠪᠡᠶ᠎ᠡ ᠠᠴᠠ ᠪᠠᠨ ᠭᠠᠷᠳᠠᠨ᠂ ᠤᠯᠤᠰ ᠲᠦᠷᠦ ᠪᠠ ᠶᠡᠭᠡ ᠲᠠᠯ᠎ᠠ ᠠᠴᠠ ᠵᠦᠷᠢᠶ᠎ᠠ ᠪᠠᠨ | ᠡᠷᠢᠵᠤ᠂ ᠰᠠᠨᠠᠭᠠᠴᠢᠯᠠᠭ᠎ᠠ ᠠᠴᠠ ᠪᠠᠨ ᠠᠰᠠᠭᠤᠳᠠᠯ ᠢ ᠲᠠᠨᠢᠵᠤ᠂ ᠰᠢᠯᠳᠠᠭᠠᠨ ᠢ ᠨᠢ ᠬᠦᠨᠵᠡᠭᠡᠢ ᠵᠠᠳᠠᠯᠵᠤ᠂ ᠴᠡᠭᠴᠡᠯᠡᠨ | ᠰᠠᠶᠢᠵᠢᠷᠠᠭᠤᠯᠬᠤ ᠠᠷᠭ᠎ᠠ ᠬᠡᠮᠵᠢᠶ᠎ᠠ ᠲᠤᠷᠠᠳᠪᠠ᠃ ᠨᠠᠮ᠂ ᠠᠵᠢᠯ ᠦᠢᠯᠡᠰ ᠪᠠ ᠨᠦᠬᠦᠳ ᠲᠡᠭᠡᠨ ᠲᠡᠭᠡᠳᠦ | ᠬᠡᠮᠵᠢᠶ᠎ᠠ ᠪᠠᠷ ᠬᠠᠷᠢᠭᠤᠴᠠᠬᠤ ᠤᠯᠤᠰ ᠲᠦᠷᠦ ᠶᠢᠨ ᠤᠪᠤᠷ ᠢᠶᠠᠷ᠂ ᠪᠣᠳᠣᠯ ᠰᠠᠨᠠᠯ ᠢᠶᠠᠨ ᠦᠨᠡᠨᠴᠢ ᠪᠠᠷ ᠲᠡᠯᠭᠡᠵᠤ᠂ | ᠦᠨᠡᠨ ᠠᠴᠠ ᠵᠦᠪ ᠢ ᠡᠷᠢᠬᠦ ᠠᠷᠭ᠎ᠠ ᠪᠠᠷ ᠬᠠᠷᠢᠯᠴᠠᠨ ᠰᠢᠭᠦᠮᠵᠢᠯᠡᠯ ᠬᠢᠵᠠᠢ᠃ ᠠᠷᠠᠳᠴᠢᠯᠡᠯ ᠤᠨ ᠠᠮᠢᠳᠤᠷᠠᠯ ᠤᠨ | ᠬᠤᠷᠠᠯ ᠨᠢ ᠡᠬᠢᠯᠡᠭᠰᠡᠨ ᠠᠴᠠ ᠪᠠᠨ ᠳᠠᠭᠤᠰᠳᠠᠯ᠎ᠠ ᠲᠤᠭ ᠲᠡᠮᠳᠡᠭ ᠲᠤᠳᠤᠷᠬᠠᠢ ᠪᠠᠷ ᠤᠯᠤᠰ ᠲᠦᠷᠦ ᠶᠢ ᠡᠷᠬᠢᠮᠯᠡᠭᠦ᠂ | ᠨᠠᠮᠴᠢ ᠴᠢᠨᠠᠷ ᠢ ᠪᠠᠷᠢᠮᠳᠠᠯᠠᠨ ᠪᠦᠯᠬᠦᠮᠳᠡᠯ ᠢ ᠠᠬᠢᠭᠤᠯᠬᠤ ᠠᠭᠤᠷ ᠠᠮᠢᠰᠬᠤᠯ ᠢᠶᠠᠷ ᠪᠢᠯᠬᠠᠵᠠᠢ᠃ | ᠪᠦ᠋ ᠰᠢᠶᠤᠤ ᠯᠢᠨ ᠳ᠋ᠦᠩᠨᠡᠯᠳᠡ ᠶᠢᠨ ᠶᠠᠷᠢᠶᠠᠨ ᠳᠠᠭᠠᠨ᠂ ᠡᠨᠡ ᠤᠳᠠᠭ᠎ᠠ ᠶᠢᠨ ᠲᠤᠰᠬᠠᠢ ᠰᠡᠳᠦᠪᠳᠤ | ᠠᠷᠠᠳᠴᠢᠯᠠᠯ ᠤᠨ ᠠᠮᠢᠳᠤᠷᠠᠯ ᠤᠨ ᠬᠤᠷᠠᠯ ᠨᠢ ᠲᠤᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠪᠦᠬᠦ | ᠲᠠᠯ᠎ᠠ ᠪᠠᠷ ᠬᠦᠨᠵᠡᠭᠡᠶᠢᠷᠡᠭᠦᠯᠭᠦ ᠳᠤ ᠪᠠᠳᠤ ᠪᠠᠬᠢ ᠰᠠᠭᠤᠷᠢ ᠲᠠᠯᠪᠢᠨ ᠦᠭᠴᠡᠢ᠂ ᠤᠯᠤᠰ ᠲᠦᠷᠦ ᠶᠢᠨ | ᠬᠠᠷᠢᠭᠤᠴᠠᠯᠭᠠᠳᠦ ᠰᠡᠳᠬᠢᠯᠭᠡ ᠪᠠ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠷᠠᠭᠤᠯᠵᠣ᠂ ᠠᠵᠢᠯ ᠢ | ᠨᠡᠶᠢᠳᠡᠪᠦᠷᠢᠵᠢᠭᠤᠯᠬᠤ ᠶᠢ ᠪᠦᠬᠦ ᠬᠦᠴᠦᠨ ᠢᠶᠠᠷ ᠢᠶᠠᠨ ᠰᠠᠶᠢᠳᠤᠷ ᠠᠳᠬᠤᠬᠤ ᠬᠡᠷᠡᠭᠳᠡᠢ᠃ ︽ᠲᠦᠷᠪᠡᠨ ᠤᠬᠠᠮᠰᠠᠷ︾ | ᠢ ᠪᠠᠳᠤ ᠪᠠᠬᠢ ᠪᠤᠢ ᠪᠤᠯᠭᠠᠵᠤ᠂ ᠨᠠᠮ ᠤᠨ ᠲᠦᠪ ᠬᠤᠷᠢᠶ᠎ᠠ ᠶᠢᠨ ᠲᠦᠪᠯᠡᠷᠡᠭᠦᠯᠦᠭᠰᠡᠨ ᠨᠢᠭᠡᠳᠦᠯᠳᠡᠢ | ᠤᠳᠤᠷᠢᠳᠤᠯᠭ᠎ᠠ ᠶᠢ ᠬᠠᠮᠠᠭᠠᠯᠠᠬᠤ ᠡᠨᠡᠬᠦ ᠦᠨᠳᠦᠰᠦᠨ ᠤᠯᠤᠰ ᠲᠦᠷᠦ ᠶᠢᠨ ᠡᠭᠦᠷᠭᠡ ᠶᠢ ᠴᠡᠭᠴᠡᠯᠡᠨ ᠰᠠᠶᠢᠵᠢᠷᠠᠭᠤᠯᠬᠤ | ᠠᠵᠢᠯ ᠤᠨ ᠪᠦᠬᠦ ᠶᠠᠪᠤᠴᠠ ᠳᠤ ᠲᠤᠤᠱᠯᠠᠭᠤᠯᠬᠤ ᠬᠡᠷᠡᠭᠳᠡᠢ᠃ ᠤᠯᠤᠰ ᠲᠦᠷᠦ ᠶᠢᠨ ᠰᠠᠬᠢᠯᠭ᠎ᠠ ᠪᠠᠳᠤ ᠪᠠ ᠤᠯᠤᠰ | ᠲᠦᠷᠦ ᠶᠢᠨ ᠶᠤᠰᠤ ᠲᠦᠷᠢᠮ ᠢ ᠴᠢᠩᠳᠠᠯᠠᠵᠤ᠂ ᠲᠤᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠴᠢᠬᠤᠯᠠ | ᠤᠯᠤᠰ ᠲᠦᠷᠦ ᠶᠢᠨ ᠡᠭᠦᠷᠭᠡ ᠶᠢ ᠡᠷᠡᠰ ᠲᠦᠢᠯᠪᠦᠷᠢᠳᠡᠢ ᠰᠠᠶᠢᠳᠤᠷ ᠪᠡᠶᠡᠯᠡᠭᠦᠯᠭᠦ ᠬᠡᠷᠡᠭᠳᠡᠢ᠃ ᠨᠠᠮ ᠤᠨ ᠲᠤᠳᠤᠭᠠᠳᠦ | ᠶᠢᠨ ᠤᠯᠤᠰ ᠲᠦᠷᠦ ᠶᠢᠨ ᠠᠮᠢᠳᠤᠷᠠᠯ ᠢ ᠴᠢᠩᠳᠠᠯᠠᠵᠤ᠂ ᠨᠠᠮ ᠤᠨ ᠲᠤᠳᠤᠭᠠᠳᠦ ᠶᠢᠨ ᠤᠯᠤᠰ ᠲᠦᠷᠦ ᠶᠢᠨ | ᠠᠮᠢᠳᠤᠷᠠᠯ ᠤᠨ ᠤᠯᠤᠰ ᠲᠦᠷᠦᠴᠢ ᠴᠢᠨᠠᠷ᠂ ᠴᠠᠭ ᠦᠶᠡᠴᠢ ᠴᠢᠨᠠᠷ᠂ ᠵᠠᠷᠴᠢᠮᠴᠢ ᠴᠢᠨᠠᠷ᠂ ᠲᠠᠶᠢᠴᠢᠨ ᠴᠢᠨᠠᠷ ᠢ | ᠲᠠᠰᠤᠷᠠᠯᠳᠠ ᠦᠭᠡᠢ ᠴᠢᠩᠭᠠᠷᠠᠭᠤᠯᠬᠤ ᠬᠡᠷᠡᠭᠳᠡᠢ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠬᠠᠷᠢᠭᠤᠴᠠᠯᠭ᠎ᠠ ᠶᠢ | ᠨᠡᠶᠢᠳᠡᠪᠦᠷᠢᠵᠢᠭᠤᠯᠵᠤ᠂ ᠴᠢᠩᠭ᠎ᠠ ᠪᠦᠭᠡᠳ ᠪᠤᠳᠠᠳᠠᠢ ᠵᠤᠷᠢᠭ ᠰᠠᠨᠠᠭ᠎ᠠ ᠪᠠᠷ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ | ᠡᠯ᠎ᠠ ᠵᠦᠢᠯ ᠤᠨ ᠠᠵᠢᠯ ᠢ ᠰᠠᠶᠢᠳᠤᠷ ᠠᠳᠬᠤᠬᠤ ᠬᠡᠷᠡᠭᠳᠡᠢ᠃ ᠵᠠᠰᠠᠭ ᠤᠨ ᠤᠷᠳᠤᠨ ᠤ ᠨᠠᠮ ᠤᠨ ᠤᠳᠤᠷᠢᠳᠬᠤ | ᠲᠤᠭᠤᠶᠢᠯᠠᠩ ᠤᠨ ᠪᠦᠷᠢᠯᠳᠦᠭᠦᠨ ᠨᠠᠷ ᠤᠯᠤᠰ ᠲᠦᠷᠦ ᠶᠢᠨ ᠴᠢᠳᠠᠪᠤᠷᠢ ᠪᠠᠨ ᠲᠠᠰᠤᠷᠠᠯᠳᠠ ᠦᠭᠡᠢ ᠲᠡᠭᠡᠭᠰᠢᠯᠡᠭᠦᠯᠵᠤ᠂ | ᠦᠵᠡᠭᠦᠯᠪᠡᠰᠦ ᠵᠤᠬᠢᠬᠤ ᠲᠠᠭᠤᠷᠢᠶᠠᠯ ᠤᠨ ᠦᠢᠯᠡᠳᠦᠯ ᠢᠶᠠᠨ ᠰᠠᠶᠢᠳᠤᠷ ᠪᠠᠳᠠᠷᠠᠭᠤᠯᠬᠤ ᠬᠡᠷᠡᠭᠳᠡᠢ᠃ ᠲᠤᠭᠤᠷᠢᠨ | ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠰᠠᠶᠢᠳᠤᠷ ᠠᠳᠬᠤᠬᠤ ᠪᠠᠷ ᠲᠡᠮᠵᠢᠭᠤᠯᠣᠨ᠂ ᠲᠦᠪ ᠤᠨ | ᠰᠢᠢᠳᠪᠦᠷᠢᠳᠦ ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠨᠠᠷᠢᠯᠢᠭ ᠪᠦᠭᠡᠳ ᠪᠤᠳᠠᠳᠠᠢ ᠨᠡᠶᠢᠳᠡᠪᠦᠷᠢᠵᠢᠭᠤᠯᠵᠤ᠂ ᠵᠠᠰᠠᠭ | ᠤᠨ ᠤᠷᠳᠤᠨ ᠤ ᠡᠯ᠎ᠠ ᠵᠦᠢᠯ ᠤᠨ ᠠᠵᠢᠯ ᠢ ᠪᠦᠬᠦ ᠲᠠᠯ᠎ᠠ ᠪᠠᠷ ᠴᠢᠩᠭᠠᠳᠬᠠᠨ ᠰᠠᠶᠢᠵᠢᠷᠠᠭᠤᠯᠵᠤ᠂ ᠦᠨᠡᠨ ᠢ | ᠪᠠᠷᠢᠮᠳᠠᠯᠠᠨ ᠪᠤᠳᠠᠳᠠᠢ ᠶᠢ ᠡᠷᠬᠢᠮᠯᠡᠭᠦ᠂ ᠠᠵᠢᠯ ᠬᠢᠵᠤ ᠦᠢᠯᠡᠰ ᠪᠤᠰᠬᠠᠬᠤ ᠰᠤᠷᠳᠠᠯ ᠢ ᠪᠠᠳᠠᠷᠠᠭᠤᠯᠵᠤ᠂ ᠦᠪᠡᠷᠳᠡᠭᠡᠨ | ᠵᠠᠰᠬᠠᠤ ᠤᠷᠤᠨ ᠤ ᠠᠵᠤ ᠠᠬᠤᠢ ᠨᠡᠶᠢᠭᠡᠮ ᠤᠨ ᠦᠷᠭᠦᠯᠵᠢᠯᠡᠨ ᠡᠷᠡᠭᠦᠯ ᠢᠶᠠᠷ ᠬᠦᠭᠵᠢᠭᠦ ᠶᠢ ᠠᠬᠢᠭᠤᠯᠬᠤ ᠬᠡᠷᠡᠭᠳᠡᠢ | ᠬᠡᠵᠤ ᠵᠢᠭᠠᠵᠤ ᠭᠠᠷᠭᠠᠵᠠᠢ᠃ |