ᠥᠪᠥᠷ ᠮᠣᠩᠭᠤᠯ ᠬᠥᠳᠡᠯᠮᠦᠷᠢ ᠠᠵᠢᠯᠲᠠᠨ ᠤ ᠶᠠᠪᠤᠳᠠᠯ ᠤᠨ ᠮᠠᠷᠭᠤᠯᠳᠤᠭᠠᠨ ᠢ ᠬᠥᠨᠳᠡᠯᠡᠨ ᠠᠴᠠ ᠲᠠᠰᠤᠯᠬᠤ ᠬᠡᠷᠡᠭ ᠤᠨ ᠬᠠᠷᠢᠶᠠᠯᠠᠯ ᠤᠨ ᠬᠡᠪᠴᠢᠶ᠎ᠡ ᠶᠢ ᠲᠣᠳᠣᠷᠬᠠᠶᠢᠯᠠᠪᠠ
ᠨᠡᠶᠢᠲᠡᠯᠡᠭᠰᠡᠨ ᠴᠠᠭ᠄
2017/7/3
      ᠥᠨᠥᠬᠡᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ ︽ᠮᠠᠨ ᠤ ᠣᠷᠣᠨ ᠤ ᠬᠥᠳᠡᠯᠮᠦᠷᠢ ᠠᠵᠢᠯᠳᠠᠨ ᠤ ᠶᠠᠪᠤᠳᠠᠯ ᠤᠨ ᠮᠠᠷᠭᠤᠯᠳᠤᠭᠠᠨ ᠢ ᠬᠥᠨᠳᠡᠯᠡᠨ ᠠᠴᠠ ᠲᠠᠰᠤᠯᠬᠤ ᠬᠡᠷᠡᠭ ᠤᠨ ᠬᠠᠷᠢᠶᠠᠯᠠᠯ ᠤᠨ ᠬᠤᠯᠪᠣᠭᠳᠠᠯ ᠪᠦᠬᠦᠢ ᠠᠰᠠᠭᠤᠳᠠᠯ ᠢ ᠲᠣᠳᠣᠷᠬᠠᠶᠢᠯᠠᠬᠤ ᠲᠤᠬᠠᠶ ᠮᠡᠳᠡᠭᠳᠡᠯ︾ ︵ᠳᠣᠷᠣᠭᠰᠢ ︽ᠮᠡᠳᠡᠭᠳᠡᠯ︾ ᠭᠡᠵᠦ ᠲᠣᠪᠴᠢᠯᠠᠨ᠎ᠠ︶᠎ ᠢ ᠨᠡᠶᠢᠭᠡᠮ ᠨᠡᠶᠢᠲᠡ ᠳᠤ ᠨᠡᠶᠢᠲᠡᠯᠡᠪᠡ᠃ ︽ᠮᠡᠳᠡᠭᠳᠡᠯ︾᠎ ᠳᠤ ᠥᠪᠡᠷᠲᠡᠭᠡᠨ ᠵᠠᠰᠠᠬᠤ ᠣᠷᠣᠨ ᠤ ᠬᠥᠳᠡᠯᠮᠦᠷᠢ ᠠᠵᠢᠯᠳᠠᠨ ᠤ ᠶᠠᠪᠤᠳᠠᠯ ᠤᠨ ᠮᠠᠷᠭᠤᠯᠳᠤᠭᠠᠨ ᠢ ᠬᠥᠨᠳᠡᠯᠡᠨ ᠠᠴᠠ ᠲᠠᠰᠤᠯᠬᠤ ᠬᠡᠷᠡᠭ ᠤᠨ ᠬᠠᠷᠢᠶᠠᠯᠠᠯ ᠤᠨ ᠬᠡᠪᠴᠢᠶ᠎ᠡ ᠶᠢ ᠲᠣᠳᠣᠷᠬᠠᠶᠢᠯᠠᠵᠤ᠂ ᠬᠥᠳᠡᠯᠮᠦᠷᠢᠴᠢᠨ ᠪᠣᠯᠤᠨ ᠬᠥᠮᠦᠨ ᠬᠡᠷᠡᠭᠯᠡᠬᠦ ᠨᠢᠭᠡᠴᠡ ᠶᠢᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠵᠤ᠂ ᠬᠥᠳᠡᠯᠮᠦᠷᠢ ᠠᠵᠢᠯᠳᠠᠨ ᠤ ᠶᠠᠪᠤᠳᠠᠯ ᠤᠨ ᠮᠠᠷᠭᠤᠯᠳᠤᠭᠠᠨ ᠢ ᠴᠠᠭ ᠳᠠᠷᠤᠢ ᠳᠤᠨᠢ ᠲᠥᠬᠦᠮ ᠲᠦᠷᠭᠡᠨ ᠢᠶᠠᠷ ᠰᠢᠶᠳᠪᠦᠷᠢᠯᠡᠬᠦ ᠪᠠᠷ ᠲᠤᠭᠲᠠᠭᠠᠵᠠᠢ᠃      ︽ᠮᠡᠳᠡᠭᠳᠡᠯ︾᠎ ᠳᠤ ᠲᠣᠳᠣᠷᠬᠠᠶᠢᠯᠠᠭᠰᠠᠨ ᠨᠢ᠂ ᠡᠯ᠎ᠡ ᠬᠥᠳᠡᠯᠮᠦᠷᠢ ᠠᠵᠢᠯᠲᠠᠨ ᠤ ᠶᠠᠪᠤᠳᠠᠯ ᠤᠨ ᠮᠠᠷᠭᠤᠯᠳᠤᠭᠠᠨ ᠢ ᠬᠥᠨᠳᠡᠯᠡᠨ ᠠᠴᠠ ᠲᠠᠰᠤᠯᠬᠤ ᠺᠣᠮᠢᠰ ᠨᠢ ᠲᠤᠰ ᠵᠠᠰᠠᠭ ᠵᠠᠬᠢᠷᠭᠠᠨ ᠤ ᠣᠷᠣᠨ ᠳᠤ ᠭᠠᠷᠤᠭᠰᠠᠨ ᠬᠥᠳᠡᠯᠮᠦᠷᠢ ᠠᠵᠢᠯᠲᠠᠨ ᠤ ᠶᠠᠪᠤᠳᠠᠯ ᠤᠨ ᠮᠠᠷᠭᠤᠯᠳᠤᠭᠠᠨ ᠤ ᠬᠡᠷᠡᠭ ᠢ ᠬᠠᠷᠢᠶᠠᠯᠠᠨ ᠬᠠᠮᠢᠶᠠᠷᠤᠨ᠎ᠠ᠃ ᠬᠥᠳᠡᠯᠮᠦᠷᠢ ᠶᠢᠨ ᠮᠠᠷᠭᠤᠯᠳᠤᠭᠠᠨ ᠢ ᠬᠥᠳᠡᠯᠮᠦᠷᠢ ᠶᠢᠨ ᠭᠡᠷ᠎ᠡ ᠶᠢ ᠭᠦᠢᠴᠡᠳᠬᠡᠵᠦ ᠪᠠᠶᠢᠭ᠎ᠠ ᠭᠠᠵᠠᠷ ᠪᠤᠶᠤ ᠠᠵᠢᠯᠲᠠᠨ ᠬᠡᠷᠡᠭᠯᠡᠬᠦ ᠨᠢᠭᠡᠴᠡ ᠶᠢᠨ ᠪᠠᠶᠢᠭ᠎ᠠ ᠭᠠᠵᠠᠷ ᠤᠨ ᠬᠥᠳᠡᠯᠮᠦᠷᠢ ᠠᠵᠢᠯᠲᠠᠨ ᠤ ᠶᠠᠪᠤᠳᠠᠯ ᠤᠨ ᠮᠠᠷᠭᠤᠯᠳᠤᠭᠠᠨ ᠢ ᠬᠥᠨᠳᠡᠯᠡᠨ ᠠᠴᠠ ᠲᠠᠰᠤᠯᠬᠤ ᠺᠣᠮᠢᠰ ᠬᠠᠷᠢᠶᠠᠯᠠᠨ ᠬᠠᠮᠢᠶᠠᠷᠤᠨ᠎ᠠ᠃ ᠬᠤᠶᠠᠷ ᠲᠠᠯ᠎ᠠ ᠶᠢᠨ ᠲᠤᠬᠠᠶ ᠶᠢᠨ ᠬᠥᠮᠦᠨ ᠨᠢ ᠬᠥᠳᠡᠯᠮᠦᠷᠢ ᠶᠢᠨ ᠭᠡᠷ᠎ᠡ ᠶᠢ ᠭᠦᠢᠴᠡᠳᠬᠡᠵᠦ ᠪᠠᠶᠢᠭ᠎ᠠ ᠭᠠᠵᠠᠷ ᠪᠠ ᠠᠵᠢᠯᠲᠠᠨ ᠬᠡᠷᠡᠭᠯᠡᠬᠦ ᠨᠢᠭᠡᠴᠡ ᠶᠢᠨ ᠪᠠᠶᠢᠭ᠎ᠠ ᠭᠠᠵᠠᠷ ᠤᠨ ᠬᠥᠳᠡᠯᠮᠦᠷᠢ ᠠᠵᠢᠯᠲᠠᠨ ᠤ ᠶᠠᠪᠤᠳᠠᠯ ᠤᠨ ᠮᠠᠷᠭᠤᠯᠳᠤᠭᠠᠨ ᠢ ᠬᠥᠨᠳᠡᠯᠡᠨ ᠠᠴᠠ ᠲᠠᠰᠤᠯᠬᠤ ᠺᠣᠮᠢᠰ ᠲᠤ ᠲᠤᠰ ᠲᠤᠰ ᠬᠥᠨᠳᠡᠯᠡᠨ ᠠᠴᠠ ᠲᠠᠰᠤᠯᠤᠭᠤᠯᠬᠤ ᠭᠤᠶᠤᠴᠢᠯᠠᠯ ᠭᠠᠷᠭᠠᠭᠰᠠᠨ ᠪᠠᠶᠢᠪᠠᠯ᠂ ᠬᠥᠳᠡᠯᠮᠦᠷᠢ ᠶᠢᠨ ᠭᠡᠷ᠎ᠡ ᠶᠢ ᠭᠦᠢᠴᠡᠳᠬᠡᠵᠦ ᠪᠠᠶᠢᠭ᠎ᠠ ᠭᠠᠵᠠᠷ ᠤᠨ ᠬᠥᠳᠡᠯᠮᠦᠷᠢ ᠠᠵᠢᠯᠲᠠᠨ ᠤ ᠶᠠᠪᠤᠳᠠᠯ ᠤᠨ ᠮᠠᠷᠭᠤᠯᠳᠤᠭᠠᠨ ᠢ ᠬᠥᠨᠳᠡᠯᠡᠨ ᠠᠴᠠ ᠲᠠᠰᠤᠯᠬᠤ ᠺᠣᠮᠢᠰ ᠬᠠᠷᠢᠶᠠᠯᠠᠨ ᠬᠠᠮᠢᠶᠠᠷᠤᠨ᠎ᠠ᠃ ᠴᠡᠷᠢᠭ ᠤᠷᠢᠡ ᠬᠡᠷᠡᠭᠯᠡᠭᠰᠡᠨ ᠨᠢᠭᠡᠴᠡ ᠪᠣᠯᠤᠨ ᠪᠢᠴᠢᠭ ᠤᠨ ᠲᠤᠰᠢᠶᠠᠯᠲᠠᠨ ᠤ ᠠᠵᠢᠯᠳᠠᠨ ᠤ ᠶᠠᠪᠤᠳᠠᠯ ᠤᠨ ᠮᠠᠷᠭᠤᠯᠳᠤᠭᠠᠨ ᠢ ᠶᠡᠷᠦᠩᠬᠡᠢ ᠳᠡᠭᠡᠨ ᠤᠷᠢᠨ ᠬᠡᠷᠡᠭᠯᠡᠭᠰᠡᠨ ᠨᠢᠭᠡᠴᠡ ᠶᠢᠨ ᠪᠠᠶᠢᠭ᠎ᠠ ᠭᠠᠵᠠᠷ ᠤᠨ ᠬᠥᠳᠡᠯᠮᠦᠷᠢ ᠠᠵᠢᠯᠲᠠᠨ ᠤ ᠶᠠᠪᠤᠳᠠᠯ ᠤᠨ ᠮᠠᠷᠭᠤᠯᠳᠤᠭᠠᠨ ᠢ ᠬᠥᠨᠳᠡᠯᠡᠨ ᠠᠴᠠ ᠲᠠᠰᠤᠯᠬᠤ ᠺᠣᠮᠢᠰ ᠬᠠᠷᠢᠶᠠᠯᠠᠨ ᠬᠠᠮᠢᠶᠠᠷᠤᠨ᠎ᠠ᠃ ᠥᠪᠡᠷᠲᠡᠭᠡᠨ ᠵᠠᠰᠠᠬᠤ ᠣᠷᠣᠨ ᠤ ᠬᠥᠳᠡᠯᠮᠦᠷᠢ ᠠᠵᠢᠯᠲᠠᠨ ᠤ ᠶᠠᠪᠤᠳᠠᠯ ᠤᠨ ᠮᠠᠷᠭᠤᠯᠳᠤᠭᠠᠨ ᠢ ᠬᠥᠨᠳᠡᠯᠡᠨ ᠠᠴᠠ ᠲᠠᠰᠤᠯᠬᠤ ᠺᠣᠮᠢᠰ ᠤᠨ ᠬᠠᠷᠢᠶᠠᠯᠠᠯ ᠤᠨ ᠬᠡᠪᠴᠢᠶᠡᠨ ᠳᠤ᠄ ᠬᠥᠬᠡᠬᠤᠲᠠ ᠳᠤ ᠰᠠᠭᠤᠭ᠎ᠠ ᠲᠥᠪ ᠤᠨ ᠪᠠᠶᠢᠭᠤᠯᠭ᠎ᠠ ᠶᠢᠨ ᠰᠢᠭᠤᠳ ᠬᠠᠮᠢᠶᠠᠷᠬᠤ ᠪᠠᠶᠢᠭᠤᠯᠤᠮᠵᠢ᠂ ᠰᠢᠭᠤᠳ ᠬᠠᠷᠢᠶ᠎ᠠ ᠪᠠᠶᠢᠭᠤᠯᠤᠮᠵᠢ᠂ ᠰᠢᠭᠤᠳ ᠬᠠᠷᠢᠶ᠎ᠠ ᠠᠵᠢᠯ ᠦᠢᠯᠡᠰ ᠤᠨ ᠨᠢᠭᠡᠴᠡ ᠳᠤ ᠭᠠᠷᠤᠭᠰᠠᠨ ᠠᠵᠢᠯᠲᠠᠨ ᠤ ᠶᠠᠪᠤᠳᠠᠯ ᠤᠨ ᠮᠠᠷᠭᠤᠯᠳᠤᠭᠠᠨ ᠤ ᠬᠡᠷᠡᠭ︔ ᠬᠥᠬᠡᠬᠤᠲᠠ ᠳᠤ ᠰᠠᠭᠤᠭ᠎ᠠ ᠥᠪᠡᠷᠲᠡᠭᠡᠨ ᠵᠠᠰᠠᠬᠤ ᠣᠷᠣᠨ ᠤ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠳᠤ ᠭᠠᠷᠤᠭᠰᠠᠨ ᠠᠵᠢᠯᠲᠠᠨ ᠤ ᠶᠠᠪᠤᠳᠠᠯ ᠤᠨ ᠮᠠᠷᠭᠤᠯᠳᠤᠭᠠᠨ ᠤ ᠬᠡᠷᠡᠭ︔ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠰᠠᠭᠤᠭ᠎ᠠ ᠴᠡᠷᠢᠭ ᠠᠩᠭᠢ ︵ᠵᠡᠪᠰᠡᠭᠲᠦ ᠴᠠᠭᠳᠠᠭ᠎ᠠ ᠪᠠᠭᠲᠠᠨ᠎ᠠ︶᠎ ᠶᠢᠨ ᠠᠷᠮᠢ ᠶᠢᠨ ᠲᠡᠰ ᠠᠴᠠ ᠳᠡᠭᠡᠭᠰᠢᠬᠢ ᠤᠷᠢᠡ ᠬᠡᠷᠡᠭᠯᠡᠭᠰᠡᠨ ᠨᠢᠭᠡᠴᠡ ᠪᠣᠯᠤᠨ ᠪᠢᠴᠢᠭ ᠤᠨ ᠲᠤᠰᠢᠶᠠᠯᠲᠠᠨ ᠳᠤ ᠡᠭᠦᠰᠦᠭᠰᠡᠨ ᠠᠵᠢᠯᠲᠠᠨ ᠤ ᠶᠠᠪᠤᠳᠠᠯ ᠤᠨ ᠮᠠᠷᠭᠤᠯᠳᠤᠭᠠᠨ ᠤ ᠬᠡᠷᠡᠭ︔ ᠪᠦᠬᠦ ᠣᠷᠣᠨ ᠳᠤ ᠴᠢᠬᠤᠯᠠ ᠶᠡᠭᠡ ᠨᠥᠯᠥᠭᠡ ᠲᠠᠢ ᠪᠥᠭᠡᠳ ᠥᠪᠡᠷᠲᠡᠭᠡᠨ ᠵᠠᠰᠠᠬᠤ ᠣᠷᠣᠨ ᠤ ᠬᠥᠳᠡᠯᠮᠦᠷᠢ ᠠᠵᠢᠯᠲᠠᠨ ᠤ ᠶᠠᠪᠤᠳᠠᠯ ᠤᠨ ᠮᠠᠷᠭᠤᠯᠳᠤᠭᠠᠨ ᠢ ᠬᠥᠨᠳᠡᠯᠡᠨ ᠠᠴᠠ ᠲᠠᠰᠤᠯᠬᠤ ᠺᠣᠮᠢᠰ ᠠᠴᠠ ᠬᠠᠷᠢᠶᠠᠯᠠᠨ ᠬᠠᠮᠢᠶᠠᠷᠬᠤ ᠶᠣᠰᠣᠲᠠᠶ ᠭᠡᠵᠦ ᠦᠵᠡᠭᠰᠡᠨ ᠬᠥᠳᠡᠯᠮᠦᠷᠢ ᠠᠵᠢᠯᠲᠠᠨ ᠤ ᠶᠠᠪᠤᠳᠠᠯ ᠤᠨ ᠮᠠᠷᠭᠤᠯᠳᠤᠭᠠᠨ ᠤ ᠬᠡᠷᠡᠭ︔ ᠬᠠᠤᠯᠢ ᠴᠠᠭᠠᠵᠠ᠂ ᠬᠠᠤᠯᠢ ᠲᠣᠭᠲᠠᠭᠠᠯ᠂ ᠲᠦᠷᠢᠮ ᠲᠣᠭᠲᠠᠭᠠᠯ ᠳᠤ ᠲᠣᠭᠲᠠᠭᠠᠭᠰᠠᠨ ᠥᠪᠡᠷᠲᠡᠭᠡᠨ ᠵᠠᠰᠠᠬᠤ ᠣᠷᠣᠨ ᠤ ᠬᠥᠳᠡᠯᠮᠦᠷᠢ ᠠᠵᠢᠯᠳᠠᠨ ᠤ ᠶᠠᠪᠤᠳᠠᠯ ᠤᠨ ᠮᠠᠷᠭᠤᠭᠠᠨ ᠢ ᠬᠥᠨᠳᠡᠯᠡᠨ ᠠᠴᠠ ᠲᠠᠰᠤᠯᠬᠤ ᠺᠣᠮᠢᠰ ᠤᠨ ᠬᠠᠷᠢᠶᠠᠨ ᠳᠠᠬᠢ ᠪᠤᠰᠤᠳ ᠬᠥᠳᠡᠯᠮᠦᠷᠢ ᠠᠵᠢᠯᠲᠠᠨ ᠤ ᠶᠠᠪᠤᠳᠠᠯ ᠤᠨ ᠮᠠᠷᠭᠤᠯᠳᠤᠭᠠᠨ ᠤ ᠬᠡᠷᠡᠭ ᠪᠠᠭᠲᠠᠨ᠎ᠠ᠃      ︽ᠮᠡᠳᠡᠭᠳᠡᠯ︾᠎ ᠳᠤ ᠪᠠᠰᠠ ᠲᠣᠳᠣᠷᠬᠠᠶᠢᠯᠠᠭᠰᠠᠨ ᠨᠢ᠂ ᠬᠥᠳᠡᠯᠮᠦᠷᠢ ᠠᠵᠢᠯᠳᠠᠨ ᠤ ᠶᠠᠪᠤᠳᠠᠯ ᠤᠨ ᠮᠠᠷᠭᠤᠯᠳᠤᠭᠠᠨ ᠢ ᠬᠥᠨᠳᠡᠯᠡᠨ ᠠᠴᠠ ᠲᠠᠰᠤᠯᠬᠤ ᠺᠣᠮᠢᠰ ᠨᠢᠭᠡᠨᠲᠡ ᠬᠦᠯᠢᠶᠡᠨ ᠠᠪᠤᠭᠰᠠᠨ ᠬᠡᠷᠡᠭ ᠨᠢ ᠲᠡᠭᠦᠨ ᠤ ᠬᠠᠮᠢᠶᠠᠷᠬᠤ ᠬᠡᠪᠴᠢᠶ᠎ᠡ ᠳᠤ ᠬᠠᠷᠢᠶᠠᠯᠠᠭᠳᠠᠬᠤ ᠦᠭᠡᠢ ᠪᠠᠶᠢᠬᠤ ᠶᠢ ᠣᠯᠵᠤ ᠮᠡᠲᠡᠪᠡᠯ ᠬᠠᠷᠢᠶᠠᠯᠠᠬᠤ ᠡᠷᠬᠡ ᠪᠦᠬᠦᠢ ᠬᠥᠨᠳᠡᠯᠡᠨ ᠠᠴᠠ ᠲᠠᠰᠤᠯᠬᠤ ᠺᠣᠮᠢᠰ ᠲᠤ ᠰᠢᠯᠵᠢᠭᠦᠯᠦᠨ ᠬᠦᠷᠭᠡᠬᠦ ᠪᠥᠭᠡᠳ ᠲᠤᠬᠠᠶ ᠶᠢᠨ ᠬᠥᠮᠦᠨ ᠳᠤᠨᠢ ᠪᠢᠴᠢᠭ ᠢᠶᠠᠷ ᠮᠡᠳᠡᠭᠳᠡᠬᠦ ᠬᠡᠷᠡᠭᠲᠡᠶ᠃ ᠳᠡᠭᠡᠷ᠎ᠡ ᠳᠤᠷᠠᠳᠤᠭᠰᠠᠨ ᠰᠢᠯᠵᠢᠭᠦᠯᠦᠨ ᠬᠦᠷᠭᠡᠬᠦ ᠬᠡᠷᠡᠭ ᠢ ᠰᠢᠯᠵᠢᠭᠦᠯᠦᠨ ᠥᠭᠬᠦ ᠶᠢ ᠬᠦᠯᠢᠶᠡᠵᠦ ᠠᠪᠤᠭᠰᠠᠨ ᠬᠥᠨᠳᠡᠯᠡᠨ ᠠᠴᠠ ᠲᠠᠰᠤᠯᠬᠤ ᠺᠣᠮᠢᠰ ᠬᠠᠤᠯᠢ ᠶᠣᠰᠣᠭᠠᠷ ᠬᠦᠯᠢᠶᠡᠨ ᠠᠪᠴᠤ ᠰᠢᠶᠳᠪᠦᠷᠢᠯᠡᠬᠦ ᠬᠡᠷᠡᠭᠲᠡᠶ᠃ ᠰᠢᠯᠵᠢᠭᠦᠯᠦᠨ ᠥᠭᠬᠦ ᠶᠢ ᠬᠦᠯᠢᠶᠡᠵᠦ ᠠᠪᠤᠭᠰᠠᠨ ᠬᠥᠨᠳᠡᠯᠡᠨ ᠠᠴᠠ ᠲᠠᠰᠤᠯᠬᠤ ᠺᠣᠮᠢᠰ ᠨᠢ ᠬᠡᠷᠪᠡ ᠰᠢᠯᠵᠢᠭᠦᠯᠵᠦ ᠢᠷᠡᠭᠦᠯᠦᠭᠰᠡᠨ ᠬᠡᠷᠡᠭ ᠨᠢ ᠲᠣᠭᠲᠠᠭᠠᠯ ᠢᠶᠠᠷ ᠪᠣᠯ ᠲᠤᠰ ᠬᠥᠨᠳᠡᠯᠡᠨ ᠠᠴᠠ ᠲᠠᠰᠤᠯᠬᠤ ᠺᠣᠮᠢᠰ ᠲᠤ ᠬᠠᠷᠢᠶᠠᠯᠠᠭᠳᠠᠬᠤ ᠦᠭᠡᠢ ᠭᠡᠵᠦ ᠦᠵᠡᠭᠰᠡᠨ ᠪᠤᠶᠤ ᠬᠥᠨᠳᠡᠯᠡᠨ ᠠᠴᠠ ᠲᠠᠰᠤᠯᠬᠤ ᠺᠣᠮᠢᠰ ᠤᠨ ᠬᠤᠭᠤᠷᠣᠨᠳᠤ ᠬᠠᠷᠢᠶᠠᠯᠠᠯ ᠤᠨ ᠮᠠᠷᠭᠤᠯᠳᠤᠭᠠᠨ ᠠᠴᠠ ᠪᠣᠯᠣᠭᠠᠳ ᠵᠥᠪᠳᠡᠯᠴᠡᠭᠡᠳ ᠪᠦᠲᠦᠭᠰᠡᠨ ᠦᠭᠡᠢ ᠪᠣᠯ᠂ ᠲᠡᠳᠡᠨ ᠤ ᠳᠡᠭᠡᠳᠦ ᠨᠢᠭᠡ ᠱᠠᠲᠤᠨ ᠤ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠬᠠᠷᠢᠶᠠᠯᠠᠯ ᠢ ᠨᠢ ᠵᠢᠭᠠᠨ ᠲᠣᠭᠲᠠᠭᠠᠯᠭᠠᠬᠤ ᠪᠠᠷ ᠭᠤᠶᠤᠴᠢᠯᠠᠨ ᠮᠡᠳᠡᠭᠦᠯᠬᠦ ᠬᠡᠷᠡᠭᠲᠡᠢ ᠭᠡᠵᠡᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号