ᠥᠴᠥᠭᠡᠳᠦᠷ᠂ ᠥᠪᠥᠷ ᠮᠣᠩᠭᠤᠯ ᠤᠨ ᠰᠤᠷᠭᠠᠨ ᠬᠥᠮᠦᠵᠢᠯ ᠤᠨ ᠰᠣᠷᠣᠭᠴᠢ ᠡᠯᠰᠡᠬᠦ ᠰᠢᠯᠭᠠᠯᠲᠠ ᠶᠢᠨ | ᠲᠦᠪ ᠤᠨ ᠠᠯᠪᠠᠨ ᠤ ᠲᠠᠯ᠎ᠠ ᠶᠢᠨ ᠸᠢᠴᠠᠲ ᠤᠨ ᠨᠡᠶᠢᠲᠡᠯᠡᠭᠰᠡᠨ ᠮᠡᠳᠡᠭᠡ ᠶᠢ ᠦᠨᠳᠦᠰᠦᠯᠡᠨ᠂ ᠥᠪᠥᠷ ᠮᠣᠩᠭᠤᠯ ᠤᠨ | ᠰᠣᠷᠣᠭᠴᠢ ᠡᠯᠰᠡᠬᠦ ᠰᠢᠯᠭᠠᠯᠲᠠ ᠶᠢᠨ ᠮᠡᠳᠡᠭᠡ ᠵᠠᠩᠭᠢ ᠶᠢᠨ ᠰᠦᠯᠵᠢᠶ᠎ᠡ ᠶᠢᠨ ︵http :www.nm.zsks. | cn︶ ︽2017 ᠤᠨ ᠤ ᠶᠡᠭᠡ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠰᠢᠯᠭᠠᠯᠲᠠ ᠶᠢᠨ ᠡᠷᠡᠮᠡᠯᠵᠡᠯ ᠢᠶᠠᠨ | ᠲᠠᠭᠯᠠᠬᠤ ᠲᠤᠰᠬᠠᠶ ᠪᠤᠯᠤᠩ︾ ᠳᠤ ᠵᠢᠩᠬᠢᠨᠢ ᠠᠩᠭᠢ ᠶᠢᠨ ᠤᠷᠢᠳᠴᠢᠯᠠᠨ ᠡᠯᠰᠡᠬᠦ A ᠪᠦᠯᠦᠭ ᠪᠠ ᠲᠤᠰᠬᠠᠶ | ᠮᠡᠷᠭᠡᠵᠢᠯ ᠤᠨ ᠤᠷᠢᠳᠴᠢᠯᠠᠨ ᠡᠯᠰᠡᠬᠦ ᠪᠦᠯᠦᠭ ᠤᠨ ᠰᠣᠷᠣᠭᠴᠢ ᠡᠯᠰᠡᠬᠦ ᠶᠡᠭᠡ ᠳᠡᠭᠡᠳᠦ ᠰᠤᠷᠭᠠᠭᠤᠯᠢ ᠶᠢᠨ ᠬᠤᠪᠢᠶᠠᠷᠢ | ᠰᠤᠷᠭᠠᠭᠤᠯᠢ ᠪᠠ ᠲᠤᠰᠬᠠᠶ ᠮᠡᠷᠭᠡᠵᠢᠯ ᠤᠨ ᠰᠤᠷᠤᠭᠴᠢ ᠡᠯᠰᠡᠬᠦ ᠲᠥᠯᠥᠪᠯᠡᠭᠡ ᠵᠢᠴᠢ ᠶᠡᠭᠡ ᠳᠡᠭᠡᠳᠦ ᠰᠤᠷᠭᠠᠭᠤᠯᠢ ᠶᠢᠨ | ᠰᠤᠷᠤᠭᠴᠢ ᠡᠯᠰᠡᠬᠦ ᠳᠦᠷᠢᠮ ᠢ ᠨᠡᠶᠢᠲᠡᠯᠡᠪᠡ᠃ | ᠲᠠᠨᠢᠯᠴᠠᠭᠤᠯᠤᠭᠰᠠᠨ ᠢᠶᠠᠷ᠂ ᠰᠦᠯᠵᠢᠶᠡᠨ ᠳᠡᠭᠡᠷ᠎ᠡ ᠡᠷᠡᠮᠡᠯᠵᠡᠯ ᠢᠶᠠᠨ ᠲᠠᠭᠯᠠᠬᠤ ᠬᠤᠭᠤᠴᠠᠭᠠᠨ ᠳᠤ᠂ | ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠣᠷᠣᠭᠴᠢ ᠡᠯᠰᠡᠬᠦ ᠰᠢᠯᠭᠠᠯᠲᠠ ᠶᠢᠨ ᠲᠥᠪ ︽ᠥᠪᠥᠷ | ᠮᠣᠩᠭᠤᠯ ᠤᠨ ᠰᠣᠷᠣᠭᠴᠢ ᠡᠯᠰᠡᠬᠦ ᠰᠢᠯᠭᠠᠯᠲᠠ ᠶᠢᠨ ᠮᠡᠳᠡᠭᠡ ᠵᠠᠩᠭᠢ ᠶᠢᠨ ᠰᠦᠯᠵᠢᠶ᠎ᠡ︾ ᠪᠠᠷ ᠳᠠᠮᠵᠢᠭᠤᠯᠤᠨ ᠡᠯ᠎ᠡ | ᠪᠦᠯᠦᠭ ᠤᠳᠠᠭ᠎ᠠ᠂ ᠡᠯ᠎ᠡ ᠲᠥᠷᠥᠯ ᠤᠨ ᠰᠣᠷᠣᠭᠴᠢ ᠡᠯᠰᠡᠬᠦ ᠲᠥᠯᠥᠪᠯᠡᠭᠡ ᠶᠢ ᠴᠠᠭ ᠲᠤᠬᠠᠶ ᠳᠤᠨᠢ ᠨᠡᠶᠢᠲᠡᠯᠡᠵᠦ᠂ | ᠰᠢᠯᠭᠠᠭᠤᠯᠤᠭᠴᠢ ᠶᠢᠨ ᠡᠷᠡᠮᠡᠯᠵᠡᠯ ᠢᠶᠠᠨ ᠲᠠᠭᠯᠠᠨ ᠮᠡᠳᠡᠭᠦᠯᠬᠦ ᠶᠢ ᠰᠠᠭᠠᠲᠠᠭᠠᠬᠤ ᠦᠭᠡᠶ ᠪᠠᠶᠢᠬᠤ ᠶᠢ ᠦᠨᠡᠨ ᠬᠦ | ᠪᠠᠲᠤᠯᠠᠨ᠎ᠠ᠃ | ᠰᠢᠯᠭᠠᠭᠤᠯᠤᠭᠴᠢ ᠥᠪᠥᠷ ᠮᠣᠩᠭᠤᠯ ᠤᠨ ᠰᠣᠷᠣᠭᠴᠢ ᠡᠯᠰᠡᠬᠦ ᠰᠢᠯᠭᠠᠯᠲᠠ ᠶᠢᠨ ᠮᠡᠳᠡᠭᠡ ᠵᠠᠩᠭᠢ ᠶᠢᠨ | ᠰᠦᠯᠵᠢᠶ᠎ᠡ ᠶᠢᠨ ︽2017 ᠤᠨ ᠤ ᠶᠡᠭᠡ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠰᠢᠯᠭᠠᠯᠲᠠ ᠶᠢᠨ | ᠡᠷᠡᠮᠡᠯᠵᠡᠯ ᠢᠶᠠᠨ ᠲᠠᠭᠯᠠᠬᠤ ᠲᠤᠰᠬᠠᠶ ᠪᠤᠯᠤᠩ︾ ᠳᠤ ᠭᠠᠷᠴᠤ᠂ ︽ᠵᠢᠩᠬᠢᠨᠢ ᠠᠩᠭᠢ ᠶᠢᠨ ᠤᠷᠢᠳᠴᠢᠯᠠᠨ ᠡᠯᠰᠡᠬᠦ A | ᠪᠦᠯᠦᠭ ᠤᠨ ᠰᠤᠷᠤᠭᠴᠢ ᠡᠯᠰᠡᠬᠦ ᠲᠥᠯᠥᠪᠯᠡᠭᠡ︾ ᠪᠤᠶᠤ ︽ᠲᠤᠰᠬᠠᠶ ᠮᠡᠷᠭᠡᠵᠢᠯ ᠤᠨ ᠤᠷᠢᠳᠴᠢᠯᠠᠨ ᠡᠯᠰᠡᠬᠦ | ᠪᠦᠯᠦᠭ ᠤᠨ ᠰᠤᠷᠤᠭᠴᠢ ᠡᠯᠰᠡᠬᠦ ᠲᠥᠯᠥᠪᠯᠡᠭᠡ︾ ᠶᠢ ᠳᠠᠷᠤᠵᠤ᠂ ᠵᠣᠬᠢᠴᠠᠩᠭᠤᠶ ᠰᠤᠷᠤᠯᠭ᠎ᠠ ᠶᠢᠨ ᠲᠦᠷᠦᠯ ᠢ | ᠰᠤᠩᠭᠤᠵᠤ᠂ ︽ᠶᠡᠭᠡ ᠳᠡᠭᠡᠳᠦ ᠰᠤᠷᠭᠠᠭᠤᠯᠢ ᠶᠢᠨ ᠨᠡᠷ᠎ᠡ︾ ᠶᠢ ᠳᠠᠷᠤᠨ ᠶᠡᠭᠡ ᠳᠡᠭᠡᠳᠦ ᠰᠤᠷᠭᠠᠭᠤᠯᠢ ᠶᠢᠨ ᠲᠤᠰᠬᠠᠶ | ᠮᠡᠷᠭᠡᠵᠢᠯ ᠬᠤᠪᠢᠶᠠᠨ ᠰᠤᠷᠤᠭᠴᠢ ᠡᠯᠰᠡᠬᠦ ᠲᠥᠯᠥᠪᠯᠡᠭᠡ ᠶᠢ ᠦᠵᠡᠵᠦ ᠪᠤᠯᠤᠨ᠎ᠠ︔ ︽ᠶᠡᠭᠡ ᠳᠡᠭᠡᠳᠦ | ᠰᠤᠷᠭᠠᠭᠤᠯᠢ ᠶᠢᠨ ᠰᠣᠷᠣᠭᠴᠢ ᠡᠯᠰᠡᠬᠦ ᠳᠦᠷᠢᠮ ᠢ ᠦᠵᠡᠬᠦ︾ ᠶᠢ ᠰᠤᠩᠭᠤᠨ ᠶᠡᠭᠡ ᠳᠡᠭᠡᠳᠦ ᠰᠤᠷᠭᠠᠭᠤᠯᠢ ᠶᠢᠨ | ᠰᠤᠷᠤᠭᠴᠢ ᠡᠯᠰᠡᠬᠦ ᠲᠦᠷᠢᠮ ᠢ ᠦᠵᠡᠵᠦ ᠪᠤᠯᠤᠨ᠎ᠠ᠃ | ᠥᠪᠥᠷ ᠮᠣᠩᠭᠤᠯ ᠤᠨ ᠰᠤᠷᠭᠠᠨ ᠬᠥᠮᠦᠵᠢᠯ ᠤᠨ ᠰᠣᠷᠣᠭᠴᠢ ᠡᠯᠰᠡᠬᠦ ᠰᠢᠯᠭᠠᠯᠲᠠ ᠶᠢᠨ ᠲᠥᠪ ᠠᠴᠠ | ᠰᠠᠨᠠᠭᠤᠯᠤᠭᠰᠠᠨ ᠨᠢ᠄ ᠶᠡᠭᠡ ᠳᠡᠭᠡᠳᠦ ᠰᠤᠷᠭᠠᠭᠤᠯᠢ ᠳᠤ ᠡᠯᠰᠡᠬᠦ ᠰᠢᠯᠭᠠᠯᠲᠠ ᠳᠤ ᠡᠷᠡᠮᠡᠯᠵᠡᠯ ᠢᠶᠠᠨ ᠲᠠᠭᠯᠠᠬᠤ ᠨᠢ | ᠰᠢᠯᠭᠠᠭᠤᠯᠤᠭᠴᠢ ᠳᠤ ᠲᠦᠢᠯ ᠤᠨ ᠴᠢᠬᠤᠯᠠ ᠶᠤᠮ᠂ ᠰᠢᠯᠭᠠᠭᠤᠯᠤᠭᠴᠢᠳ ᠰᠦᠯᠵᠢᠶᠡᠨ ᠳᠡᠭᠡᠷ᠎ᠡ ᠡᠷᠡᠮᠡᠯᠵᠡᠯ ᠢᠶᠠᠨ | ᠲᠠᠭᠯᠠᠬᠤ ᠲᠥᠷᠥ ᠶᠢᠨ ᠪᠣᠳᠣᠯᠭ᠎ᠠ᠂ ᠲᠣᠭᠲᠠᠭᠠᠯ ᠪᠠ ᠴᠤᠪᠤᠷᠠᠯ ᠢ ᠤᠷᠢᠳᠴᠢᠯᠠᠨ ᠤᠶᠢᠯᠠᠭᠠᠵᠤ᠂ ᠰᠤᠷᠤᠭᠴᠢ ᠡᠯᠰᠡᠬᠦ | ᠲᠥᠯᠥᠪᠯᠡᠭᠡ ᠪᠠ ᠰᠤᠷᠤᠭᠴᠢ ᠡᠯᠰᠡᠬᠦ ᠳᠦᠷᠢᠮ ᠢ ᠨᠠᠷᠢᠨ ᠬᠢᠨᠠᠮᠠᠭᠠᠶ ᠤᠩᠰᠢᠵᠤ᠂ ᠰᠦᠯᠵᠢᠶᠡᠨ ᠳᠡᠭᠡᠷ᠎ᠡ | ᠡᠷᠡᠮᠡᠯᠵᠡᠯ ᠢᠶᠠᠨ ᠲᠠᠭᠯᠠᠬᠤ ᠡᠯ᠎ᠡ ᠵᠦᠢᠯ ᠤᠨ ᠪᠡᠯᠡᠳᠬᠡᠯ ᠠᠵᠢᠯ ᠢ ᠰᠠᠶᠢᠲᠤᠷ ᠬᠢᠬᠦ ᠬᠡᠷᠡᠭᠲᠡᠶ ᠭᠡᠵᠡᠢ᠃ |