ᠥᠪᠡᠷᠲᠡᠭᠡᠨ ᠵᠠᠰᠠᠬᠤ ᠣᠷᠣᠨ ᠪᠠᠶᠢᠭᠤᠯᠤᠭᠳᠠᠭᠰᠠᠨ 70 ᠵᠢᠯ ᠤᠨ ᠲᠤᠷᠰᠢ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠨᠠᠮ ᠤᠨ ᠦᠨᠳᠦᠰᠦᠲᠡᠨ ᠤ ᠲᠦᠷᠦ ᠶᠢᠨ ᠪᠤᠳᠤᠯᠭ᠎ᠠ ᠪᠠ | ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠪᠠᠶᠢᠭᠤᠯᠤᠯ ᠢ ᠪᠦᠬᠦ ᠲᠠᠯ᠎ᠠ ᠪᠠᠷ ᠵᠥᠪ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠦᠨᠳᠦᠰᠦᠲᠡᠨ ᠤ ᠪᠦᠯᠬᠦᠮᠳᠡᠯ ᠢ ᠬᠠᠮᠠᠭᠠᠯᠠᠬᠤ ᠶᠢ ᠢᠮᠠᠭᠲᠠ ᠠᠮᠢᠨ ᠰᠤᠳᠠᠰᠤ ᠪᠠᠨ ᠪᠣᠯᠭᠠᠵᠤ | ᠂ ᠲᠦᠷᠭᠡᠨ ᠬᠥᠭᠵᠢᠭᠦᠯᠬᠦ ᠶᠢ ᠲᠡᠷᠢᠭᠦᠨ ᠴᠢᠬᠤᠯᠠ ᠡᠭᠦᠷᠭᠡ ᠪᠠᠨ ᠪᠣᠯᠭᠠᠵᠤ᠂ ᠠᠷᠠᠳ ᠤᠨ ᠠᠮᠢᠳᠤᠷᠠᠯ ᠢ ᠪᠠᠲᠤᠯᠠᠨ | ᠰᠠᠶᠢᠵᠢᠷᠠᠭᠤᠯᠬᠤ ᠶᠢ ᠠᠯᠢᠪᠠ ᠠᠵᠢᠯ ᠤᠨ ᠡᠭᠦᠰᠦᠯᠲᠡ ᠪᠠ ᠵᠣᠭᠰᠣᠴᠠ ᠪᠠᠨ ᠪᠣᠯᠭ᠋ᠭᠰᠠᠨ ᠢᠶᠠᠷ᠂ ᠴᠥᠭᠡᠨ ᠲᠣᠭᠠᠲᠤ | ᠦᠨᠳᠦᠰᠦᠲᠡᠨ ᠪᠣᠯᠤᠨ ᠦᠨᠳᠦᠰᠦᠲᠡᠨ ᠤ ᠣᠷᠣᠨ ᠤ ᠦᠢᠯᠡᠳᠪᠦᠷᠢᠯᠡᠯ ᠠᠮᠢᠳᠤᠷᠠᠯ ᠤᠨ ᠳᠦᠷᠰᠦ ᠪᠠᠶᠢᠳᠠᠯ ᠳᠤ ᠲᠩᠷᠢ | ᠭᠠᠵᠠᠷ ᠢ ᠳᠣᠩᠰᠣᠯᠭᠠᠮ᠎ᠠ ᠲᠡᠦᠬᠡᠲᠦ ᠴᠢᠨᠠᠷᠲᠠᠶ ᠬᠤᠪᠢᠷᠠᠯᠲᠠ ᠭᠠᠷᠴᠤ᠂ ᠦᠨᠳᠦᠰᠦᠲᠡᠨ ᠤ ᠪᠦᠯᠬᠦᠮᠳᠡᠯ | ᠲᠠᠪᠰᠢᠯᠳᠠ ᠶᠢᠨ ᠦᠢᠯᠡᠰ ᠨᠢ ᠳᠠᠶᠠᠭᠠᠷ ᠲᠤ ᠮᠡᠳᠡᠷᠡᠭᠳᠡᠭᠰᠡᠨ ᠠᠰᠤᠷᠤ ᠠᠮᠵᠢᠯᠲᠠ ᠣᠯᠤᠭᠰᠠᠨ ᠪᠠᠶᠢᠨ᠎ᠠ᠃ | ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ | ᠲᠡᠭᠦᠨ ᠤ ᠪᠠᠶᠢᠩᠭᠤ ᠶᠢᠨ ᠬᠤᠷᠢᠶ᠎ᠠ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ ᠪᠠ ᠲᠤᠰᠬᠠᠶ ᠳᠦᠷᠢᠮ ᠢ | 560 ᠭᠠᠷᠤᠢ ᠵᠦᠢᠯ ᠢ ᠲᠣᠭᠲᠠᠭᠠᠨ᠂ ᠵᠠᠰᠠᠯᠲᠠ ᠣᠷᠣᠭᠤᠯᠤᠨ᠂ ᠵᠥᠪᠰᠢᠶᠡᠷᠡᠵᠦ᠂ ᠣᠳᠣᠬᠠᠨ ᠳᠤ 340 ᠭᠠᠷᠤᠢ | ᠵᠦᠢᠯ ᠢ ᠬᠦᠴᠦᠨ ᠲᠠᠢ ᠬᠡᠷᠡᠭᠵᠢᠭᠦᠯᠵᠦ᠂ ᠮᠣᠩᠭᠤᠯ ᠦᠭᠡ ᠬᠡᠯᠡ ᠥᠰᠥᠭ ᠪᠢᠴᠢᠭ ᠢ ᠡᠯ᠎ᠡ ᠱᠠᠲᠤᠨ ᠤ ᠨᠠᠮ | ᠵᠠᠰᠠᠭ ᠤᠨ ᠪᠠᠶᠢᠭᠤᠯᠭ᠎ᠠ᠂ ᠬᠠᠤᠯᠢ ᠴᠠᠭᠠᠵᠠ ᠵᠡᠷᠭᠡ ᠬᠦᠷᠢᠶᠡᠨ ᠳᠤ ᠥᠷᠭᠡᠨ ᠢᠶᠠᠷ ᠬᠡᠷᠡᠭᠯᠡᠵᠦ᠂ ᠦᠨᠳᠦᠰᠦᠲᠡᠨ ᠤ | ᠰᠤᠷᠭᠠᠨ ᠬᠥᠮᠦᠵᠢᠯ ᠡᠩ ᠲᠡᠷᠢᠭᠦᠨ ᠳᠤ ᠭᠤᠣᠯᠳᠠᠯᠭ᠎ᠠ ᠲᠠᠢ ᠬᠥᠭᠵᠢᠵᠦ᠂ ᠴᠥᠭᠡᠨ ᠲᠣᠭᠠᠲᠤ ᠦᠨᠳᠦᠰᠦᠲᠡᠨ ᠤ | ᠰᠢᠯᠢᠳᠡᠭ ᠰᠣᠶᠣᠯ ᠬᠠᠮᠠᠭᠠᠯᠠᠭᠳᠠᠨ ᠤᠯᠠᠮᠵᠢᠯᠠᠭᠳᠠᠵᠤ᠂ ᠴᠥᠭᠡᠨ ᠲᠣᠭᠠᠲᠤ ᠦᠨᠳᠦᠰᠦᠲᠡᠨ ᠤ ᠬᠠᠤᠯᠢ ᠶᠣᠰᠣᠨ ᠤ | ᠡᠷᠬᠡ ᠠᠰᠢᠭ ᠪᠦᠲᠦᠮᠵᠢᠲᠡᠶ ᠪᠠᠲᠤᠯᠠᠬᠳᠠᠵᠤ ᠪᠠᠶᠢᠨ᠎ᠠ᠃ ᠥᠪᠡᠷᠲᠡᠭᠡᠨ ᠵᠠᠰᠠᠬᠤ ᠣᠷᠣᠨ ᠴᠥᠭᠡᠨ ᠲᠣᠭᠠᠲᠤ | ᠦᠨᠳᠦᠰᠦᠲᠡᠨ ᠤ ᠺᠠᠳ᠋ᠷ ᠪᠣᠯᠣᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠶᠡᠭᠡ ᠪᠠᠷ ᠴᠢᠩᠭᠠᠳᠬᠠᠪᠠ᠃ | ᠣᠳᠣᠬᠠᠨ ᠳᠤ᠂ ᠪᠦᠬᠦ ᠣᠷᠣᠨ ᠤ ᠴᠥᠭᠡᠨ ᠲᠣᠭᠠᠲᠤ ᠦᠨᠳᠦᠰᠦᠲᠡᠨ ᠤ ᠺᠠᠳ᠋ᠷ ᠪᠠᠷᠤᠭ 6.8 ᠲᠦᠮᠡ ᠪᠠᠶᠢᠵᠤ᠂ | ᠺᠠᠳ᠋ᠷ ᠤᠨ ᠪᠦᠬᠦ ᠲᠣᠭᠠᠨ ᠤ 33% ᠣᠷᠴᠢᠮ ᠢ ᠡᠵᠡᠯᠡᠨ᠂ ᠪᠥᠬᠦ ᠣᠷᠣᠨ ᠤ ᠴᠥᠭᠡᠨ ᠲᠣᠭᠠᠲᠤ ᠦᠨᠳᠦᠰᠦᠲᠡᠨ ᠤ | ᠬᠥᠮᠦᠨ ᠠᠮᠠ ᠶᠢᠨ ᠪᠦᠬᠦ ᠬᠥᠮᠥᠨ ᠠᠮᠠ ᠳᠤ ᠡᠵᠡᠯᠡᠬᠦ ᠬᠠᠷᠢᠴᠠᠯ ᠠᠴᠠ ᠦᠨᠳᠦᠷ ᠪᠠᠶᠢᠨ᠎ᠠ᠃ | ᠴᠥᠭᠡᠨ ᠲᠣᠭᠠᠲᠤ ᠦᠨᠳᠦᠰᠦᠲᠡᠨ ᠪᠣᠯᠤᠨ ᠦᠨᠳᠦᠰᠦᠲᠡᠨ ᠤ ᠭᠠᠵᠠᠷ ᠣᠷᠣᠨ ᠤ ᠬᠥᠭᠵᠢᠯᠲᠡ ᠶᠢ | ᠲᠥᠷᠭᠡᠳᠬᠡᠬᠦ᠂ ᠬᠥᠮᠦᠨ ᠠᠮᠠ ᠪᠠᠷ ᠴᠥᠭᠡᠪᠲᠦᠷ ᠦᠨᠳᠦᠰᠦᠲᠡᠨ ᠤ ᠬᠥᠭᠵᠢᠯᠲᠡ ᠶᠢ ᠲᠥᠷᠭᠡᠳᠬᠡᠬᠦ᠂ ᠮᠠᠯᠴᠢᠳ ᠤᠨ | ᠣᠷᠣᠯᠭ᠎ᠠ ᠶᠢᠨ ᠨᠡᠮᠡᠭᠳᠡᠯ ᠢ ᠠᠬᠢᠭᠤᠯᠬᠤ ᠵᠡᠷᠭᠡ ᠠᠯᠢ ᠤᠯᠠᠨ ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠶᠢ | ᠲᠣᠭᠲᠠᠭᠠᠨ ᠨᠡᠶᠢᠲᠡᠯᠡᠵᠦ᠂ ᠮᠠᠯᠵᠢᠬᠤ ᠬᠤᠰᠢᠭᠤ ᠰᠢᠶᠠᠨ᠂ ᠬᠢᠯᠢ ᠬᠢᠵᠠᠭᠠᠷ ᠤᠨ ᠬᠤᠰᠢᠭᠤ ᠬᠤᠳᠠ᠂ ︽ᠭᠤᠷᠪᠠᠨ | ᠴᠥᠭᠡᠨ ᠲᠣᠭᠠᠲᠤ ᠦᠨᠳᠦᠰᠦᠲᠡᠨ︾ ᠤ ᠥᠪᠡᠷᠲᠡᠭᠡᠨ ᠵᠠᠰᠠᠬᠤ ᠬᠤᠰᠢᠭᠤ᠂ ᠦᠨᠳᠦᠰᠦᠲᠡᠨ ᠤ ᠰᠢᠶᠠᠩ ᠪᠣᠯᠤᠨ | ᠴᠥᠭᠡᠨ ᠲᠣᠭᠠᠲᠤ ᠦᠨᠳᠦᠰᠦᠲᠡᠨ ᠤ ᠬᠥᠮᠦᠨ ᠠᠮᠠ ᠬᠠᠷᠢᠴᠠᠩᠭᠤᠶ ᠲᠥᠪᠯᠡᠷᠡᠭᠰᠡᠨ ᠭᠠᠵᠠᠷ ᠣᠷᠣᠨ ᠳᠤ ᠵᠥᠷᠢᠶᠡᠲᠦ | ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠪᠡ᠃ 2011 ᠣᠨ ᠠᠴᠠ ᠤᠳᠤ ᠪᠣᠯᠲᠠᠯ᠎ᠠ᠂ ᠪᠥᠬᠦ | ᠣᠷᠣᠨ ᠨᠡᠶᠢᠲᠡ 213 ᠲᠦᠮᠡᠨ ᠮᠠᠯᠴᠢᠨ ᠲᠠᠷᠢᠶᠠᠴᠢᠳ ᠢ ᠶᠠᠳᠠᠭᠤ ᠠᠴᠠ ᠠᠩᠭᠢᠵᠢᠷᠠᠭᠤᠯᠪᠠ᠃ ︽12·5︾ | ᠠᠴᠠ ᠨᠠᠰᠢ᠂ ᠥᠪᠡᠷᠲᠡᠭᠡᠨ ᠵᠠᠰᠠᠬᠤ ᠣᠷᠣᠨ ᠤ 19 ᠬᠢᠯᠢ ᠬᠢᠵᠠᠭᠠᠷ ᠤᠨ ᠬᠤᠰᠢᠭᠤ ᠬᠤᠳᠠ ᠶᠢᠨ | ᠦᠢᠯᠡᠳᠪᠦᠷᠢᠯᠡᠯ ᠤᠨ ᠶᠡᠷᠦᠩᠬᠡᠢ ᠦᠷᠳᠡᠭ ᠨᠢ 2010 ᠣᠨ ᠳᠤ 1112 ᠳ᠋ᠦᠩᠰᠢᠭᠤᠷ ᠲᠥᠭᠦᠷᠢᠭ | ᠪᠠᠶᠢᠭᠰᠠᠨ ᠠᠴᠠ ᠪᠠᠨ 2015 ᠣᠨ ᠪᠣᠯᠬᠤ ᠳᠤ 1749 ᠳ᠋ᠦᠩᠰᠢᠭᠤᠷ ᠲᠥᠭᠦᠷᠢᠭ ᠪᠣᠯᠣᠨ ᠨᠡᠮᠡᠭᠳᠡᠵᠦ᠂ ᠤᠯᠠᠨ | ᠨᠡᠶᠢᠲᠡ ᠶᠢᠨ ᠡᠳ᠋ ᠤᠨ ᠵᠠᠰᠠᠭ ᠤᠨ ᠲᠥᠰᠦᠪ ᠤᠨ ᠣᠷᠣᠯᠭ᠎ᠠ 62.26 ᠳ᠋ᠦᠩᠰᠢᠭᠤᠷ ᠲᠥᠭᠦᠷᠢᠭ | ᠪᠠᠶᠢᠭᠰᠠᠨ ᠠᠴᠠ ᠪᠠᠨ 118.12 ᠳ᠋ᠦᠩᠰᠢᠭᠤᠷ ᠲᠥᠭᠦᠷᠢᠭ ᠪᠣᠯᠣᠨ ᠨᠡᠮᠡᠭᠳᠡᠪᠡ᠃ 2016 ᠣᠨ ᠤ ᠵᠢᠯ ᠤᠨ | ᠡᠴᠦᠰ ᠪᠣᠯᠲᠠᠯ᠎ᠠ᠂ ᠮᠠᠨ ᠤ ᠣᠷᠣᠨ ᠤ ᠬᠥᠮᠦᠨ ᠠᠮᠠ ᠴᠥᠭᠡᠪᠲᠦᠷ ᠦᠨᠳᠦᠰᠦᠲᠡᠨ ᠤ ᠲᠥᠪᠯᠡᠷᠡᠨ ᠰᠠᠭᠤᠵᠤ ᠪᠠᠶᠢᠭ᠎ᠠ | 10 ᠬᠤᠰᠢᠭᠤ ᠬᠤᠳᠠ ᠳᠤ ᠳᠠᠩᠰᠠ ᠡᠪᠬᠡᠮᠡᠯ ᠪᠠᠶᠢᠭᠤᠯᠤᠨ ᠺᠠᠷᠲ ᠠᠪᠤᠭᠰᠠᠨ ᠶᠠᠳᠠᠭᠤ ᠬᠦᠴᠢᠷᠳᠡᠯᠲᠡᠶ ᠭᠠᠴᠠᠭ᠎ᠠ ︵ | ᠲᠣᠰᠬᠤᠨ︶ ︽12· 5︾ ᠶᠢᠨ ᠡᠴᠦᠰ ᠲᠤ 86 ᠪᠠᠶᠢᠭᠰᠠᠨ ᠠᠴᠠ ᠪᠠᠨ 52 ᠪᠣᠯᠣᠨ ᠬᠠᠰᠤᠭᠳᠠᠵᠤ᠂ | ᠳᠠᠩᠰᠠ ᠡᠪᠬᠡᠮᠡᠯ ᠪᠠᠶᠢᠭᠤᠯᠤᠨ ᠺᠠᠷᠲ ᠠᠪᠤᠭᠰᠠᠨ ᠶᠠᠳᠠᠭᠤ ᠬᠦᠴᠢᠷᠳᠡᠯ ᠲᠠᠢ ᠬᠥᠮᠦᠨ ᠠᠮᠠ ︽12· 5︾ ᠶᠢᠨ | ᠡᠴᠦᠰ ᠲᠤ 60817 ᠬᠥᠮᠦᠨ ᠪᠠᠶᠢᠭᠰᠠᠨ ᠠᠴᠠ ᠪᠠᠨ 36849 ᠬᠥᠮᠦᠨ ᠪᠣᠯᠵᠤ ᠬᠠᠰᠤᠭᠳᠠᠪᠠ᠃ | ᠦᠨᠳᠦᠰᠦᠲᠡᠨ ᠤ ᠪᠦᠯᠬᠦᠮᠳᠡᠯ ᠤᠨ ᠤᠬᠠᠭᠤᠯᠭ᠎ᠠ ᠬᠥᠮᠦᠵᠢᠯ ᠪᠣᠯᠣᠨ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ | ᠲᠦᠷᠢᠮ ᠢ ᠪᠠᠷᠢᠮᠲᠠᠯᠠᠬᠤ᠂ ᠨᠠᠮ ᠤᠨ ᠦᠨᠳᠦᠰᠦᠲᠡᠨ ᠤ ᠠᠵᠢᠯ ᠢ ᠴᠢᠩᠭᠠᠳᠬᠠᠬᠤ ᠴᠢᠬᠤᠯᠠ ᠵᠠᠩᠭᠢᠯᠠᠭ᠎ᠠ ᠪᠣᠯᠭᠠᠨ | ᠠᠳᠬᠤᠵᠤ᠂ ᠥᠪᠡᠷᠲᠡᠭᠡᠨ ᠵᠠᠰᠠᠬᠤ ᠣᠷᠣᠨ ᠤ ︽ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠬᠥᠬᠢᠭᠦᠯᠦᠨ | ᠰᠠᠶᠢᠰᠢᠶᠠᠬᠤ ᠠᠵᠢᠯᠯᠠᠭ᠎ᠠ ᠶᠢᠨ ᠰᠠᠷ᠎ᠠ︾ ᠶᠢᠨ ᠠᠵᠢᠯᠯᠠᠭ᠎ᠠ ᠶᠢ ᠨᠢᠭᠡᠨᠲᠡ 33 ᠵᠢᠯ ᠦᠷᠭᠦᠯᠵᠢᠯᠡᠨ ᠦᠷᠨᠢᠭᠦᠯᠦᠭᠰᠡᠨ | ᠪᠠᠶᠢᠨ᠎ᠠ᠃ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠠᠵᠢᠯᠯᠠᠭ᠎ᠠ ᠨᠢ ᠪᠠᠶᠢᠭᠤᠯᠭ᠎ᠠ᠂ | ᠠᠵᠤ ᠠᠬᠤᠶᠢᠯᠠᠯ᠂ ᠰᠤᠷᠭᠠᠭᠤᠯᠢ᠂ ᠮᠠᠯᠵᠢᠬᠤ ᠲᠠᠷᠢᠶᠠᠯᠠᠬᠤ ᠣᠷᠣᠨ᠂ ᠨᠡᠶᠢᠭᠡᠮ ᠲᠣᠭᠤᠷᠢᠭ᠂ ᠱᠠᠰᠢᠨ ᠰᠤᠷᠲᠠᠬᠤᠨ ᠤ | ᠲᠠᠯᠠᠪᠤᠷ ᠭᠠᠵᠠᠷ ᠲᠤ ᠭᠦᠨᠵᠡᠭᠡᠶᠢᠷᠡᠪᠡ᠃ ᠣᠳᠣᠬᠠᠨ ᠪᠣᠯᠲᠠᠯ᠎ᠠ᠂ ᠪᠥᠬᠦ ᠣᠷᠣᠨ ᠦᠨᠳᠦᠰᠦᠲᠡᠨ ᠤ ᠪᠦᠯᠬᠦᠮᠳᠡᠯ | ᠲᠠᠪᠰᠢᠯᠳᠠ ᠶᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠢ 8 ᠤᠳᠠᠭ᠎ᠠ ᠬᠤᠷᠠᠯᠳᠤᠭᠤᠯᠵᠤ᠂ 1580 ᠵᠢᠱᠢᠶᠡᠴᠢ | ᠬᠠᠮᠲᠤ ᠨᠡᠶᠢᠲᠡ᠂ 2192 ᠵᠢᠱᠢᠶᠡᠴᠢ ᠬᠤᠪᠢ ᠬᠥᠮᠦᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ | ᠵᠠᠰᠠᠭ ᠤᠨ ᠣᠷᠳᠣᠨ ᠤ ᠬᠦᠬᠢᠭᠦᠯᠦᠯ ᠰᠠᠶᠢᠰᠢᠶᠠᠯ ᠢ ᠬᠦᠷᠲᠡᠪᠡ᠃ 19 ᠨᠢᠭᠡᠴᠡ ᠨᠢ ᠤᠯᠤᠰ ᠤᠨ ᠦᠨᠳᠦᠰᠦᠲᠡᠨ ᠤ | ᠬᠡᠷᠡᠭ ᠡᠷᠬᠢᠯᠡᠬᠦ ᠵᠥᠪᠯᠡᠯ ᠳᠤ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ | ᠪᠠᠶᠢᠭᠤᠯᠬᠤ ᠠᠵᠢᠯᠯᠠᠭ᠎ᠠ ᠶᠢᠨ ᠵᠢᠱᠢᠶ᠎ᠡ ᠦᠵᠡᠭᠦᠯᠬᠦ ᠨᠢᠭᠡᠴᠡ ᠪᠠᠷ ᠴᠤᠯᠠᠯᠠᠭᠳᠠᠨ᠂ 208 ᠨᠢᠭᠡᠴᠡ ᠥᠪᠡᠷᠲᠡᠭᠡᠨ | ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠲᠠᠪᠰᠢᠯᠲᠠ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢᠨ ᠵᠢᠱᠢᠶ᠎ᠡ | ᠦᠵᠡᠭᠦᠯᠬᠦ ᠨᠢᠭᠡᠴᠡ ᠪᠠᠷ ᠦᠨᠡᠯᠡᠭᠳᠡᠵᠡᠢ᠃ ᠬᠢᠩᠭᠠᠨ ᠠᠶᠢᠮᠠᠭ ᠨᠢ ᠤᠯᠤᠰ ᠤᠨ ᠦᠨᠳᠦᠰᠦᠲᠡᠨ ᠤ ᠬᠡᠷᠡᠭ ᠡᠷᠬᠢᠯᠡᠬᠦ | ᠵᠥᠪᠯᠡᠯ ᠳᠤ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠠᠶᠢᠮᠠᠭ ᠢᠶᠠᠷ | ᠴᠤᠯᠠᠯᠠᠭᠳᠠᠪᠠ᠃ | ᠥᠪᠡᠷᠲᠡᠭᠡᠨ ᠵᠠᠰᠠᠬᠤ ᠣᠷᠣᠨ ᠲᠠᠯ᠎ᠠ ᠨᠤᠲᠤᠭ ︵ᠮᠠᠯᠵᠢᠬᠤ ᠲᠠᠷᠢᠶᠠᠯᠠᠬᠤ ᠡᠷᠦᠬᠡ︶ ᠤᠨ ᠨᠣᠮ ᠤᠨ ᠦᠷᠦᠬᠡ᠂ | ᠮᠠᠯᠵᠢᠬᠤ ᠲᠠᠷᠢᠶᠠᠯᠠᠬᠤ ᠣᠷᠣᠨ ᠤ ᠺᠢᠨᠣ᠋ ᠵᠡᠷᠭᠡ 8 ᠵᠦᠢᠯ ᠤᠨ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ | ᠢᠨᠵᠧᠨᠧᠷᠢᠩ ᠢ ᠬᠡᠷᠡᠭᠵᠢᠭᠦᠯᠪᠡ᠃ ︽ᠦᠨᠳᠦᠰᠦᠲᠡᠨ ᠤ ᠰᠣᠶᠣᠯ ᠤᠨ ᠪᠠᠶᠢᠭᠤᠯᠤᠯᠲᠠ ᠶᠢᠨ ᠰᠤᠳᠤᠯᠭᠠᠨ ᠤ | ᠢᠨᠵᠧᠨᠧᠷᠢᠩ︾᠂ ︽ᠰᠣᠶᠣᠯ ᠤᠷᠠᠯᠢᠭ ᠤᠨ ᠤᠷᠲᠤ ᠬᠤᠩᠬᠢᠯ︾ ᠵᠡᠷᠭᠡ ᠭᠤᠣᠯᠳᠠᠯᠭ᠎ᠠ ᠲᠠᠢ ᠳᠦᠷᠦᠯ | ᠵᠦᠢᠯ ᠤᠳ ᠢ ᠡᠬᠢᠯᠡᠨ ᠬᠡᠷᠡᠭᠵᠢᠭᠦᠯᠵᠡᠢ᠃ ᠭᠤᠣᠯᠳᠠᠯᠭ᠎ᠠ ᠲᠠᠢ ᠲᠡᠦᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠬᠤ | ᠢᠨᠵᠧᠨᠧᠷᠢᠩ ᠢ ᠬᠡᠷᠡᠭᠵᠢᠭᠦᠯᠦᠨ᠂ ᠡᠯ᠎ᠡ ᠦᠨᠳᠦᠰᠦᠲᠡᠨ ᠤ ᠪᠣᠳᠠᠰ ᠤᠨ ᠪᠤᠰᠤ ᠰᠣᠶᠣᠯ ᠤᠨ ᠥᠪ ᠢ ᠠᠪᠤᠷᠠᠨ | ᠬᠠᠮᠠᠭᠠᠯᠠᠵᠤ᠂ ᠦᠨᠳᠦᠰᠦᠲᠡᠨ ᠤ ᠪᠦᠯᠬᠦᠮᠳᠡᠯ ᠢ ᠬᠠᠮᠠᠭᠠᠯᠠᠬᠤ ᠳᠤ ᠦᠨᠳᠦᠰᠦᠲᠡᠨ ᠤ ᠰᠣᠶᠣᠯ ᠤᠨ ᠦᠵᠡᠭᠦᠯᠬᠦ | ᠬᠤᠯᠪᠣᠭᠠᠰᠤ ᠶᠢᠨ ᠦᠢᠯᠡᠳᠦᠯ ᠢ ᠦᠨᠡᠨ ᠬᠦ ᠪᠠᠳᠠᠷᠠᠭᠤᠯᠵᠤ᠂ ᠦᠨᠳᠦᠰᠦᠲᠡᠨ ᠨᠦᠭᠦᠳ ᠤᠨ ᠬᠠᠮᠲᠤ ᠶᠢᠨ ᠤᠶᠤᠨ ᠤ | ᠭᠡᠷ ᠬᠦᠷᠢᠶᠡᠯᠡᠩ ᠢ ᠴᠣᠭᠴᠠᠯᠠᠨ ᠪᠠᠶᠢᠭᠤᠯᠪᠠ᠃ |