7 ᠳ᠋ᠤᠭᠠᠷ ᠰᠠᠷ᠎ᠠ ᠶᠢᠨ 29 ᠤ ᠡᠳᠦᠷ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ | ᠪᠠᠶᠢᠩᠭᠤ ᠶᠢᠨ ᠬᠡᠰᠢᠭᠦᠨ᠂ ᠵᠤᠬᠢᠶᠠᠨ ᠪᠠᠶᠢᠭᠤᠯᠬᠤ ᠬᠡᠯᠳᠡᠰ ᠤᠨ ᠲᠠᠷᠤᠭ᠎ᠠ ᠽᠧᠩ ᠢ ᠴᠦᠨ ᠬᠦᠬᠡᠬᠤᠳᠠ ᠶᠢᠨ | ᠰᠢᠨ᠎ᠠ ᠬᠤᠳᠠ ᠲᠤᠭᠤᠷᠢᠭ᠂ ᠬᠤᠳᠤᠩ ᠠᠷᠠᠳ ᠤᠨ ᠲᠤᠭᠤᠷᠢᠭ᠂ ᠲᠤᠬᠳᠠᠬᠤ ᠰᠢᠶᠠᠨ ᠢᠶᠠᠷ ᠪᠠᠶᠢᠴᠠᠭᠠᠨ | ᠰᠤᠳᠤᠯᠤᠯᠳᠠ ᠬᠢᠭᠦ ᠳᠡᠭᠡᠨ᠂ ᠨᠠᠮ ᠨᠢ ᠨᠠᠮ ᠢᠶᠠᠨ ᠬᠠᠮᠢᠶᠠᠷᠬᠤ᠂ ᠨᠠᠮ ᠢ ᠴᠢᠩᠭ᠎ᠠ ᠵᠠᠰᠠᠬᠤ ᠱᠠᠭᠠᠷᠳᠠᠯᠭ᠎ᠠ ᠶᠢ | ᠬᠦᠨᠵᠡᠭᠡᠢ ᠲᠤᠤᠱᠯᠠᠭᠤᠯᠵᠤ᠂ ︽ᠤᠮᠠᠷᠠᠳᠦ ᠶᠢᠨ ᠬᠤᠰᠢᠭᠤᠴᠢ︾ ᠢᠨᠵᠧᠨᠧᠷᠢᠩ ᠢ ᠶᠡᠭᠡᠪᠡᠷ ᠬᠡᠷᠡᠭᠵᠢᠭᠦᠯᠤᠨ᠂ | ᠤᠶᠤᠨ ᠰᠠᠨᠠᠭ᠎ᠠ ᠪᠠᠨ ᠲᠦᠪᠯᠡᠷᠡᠭᠦᠯᠦᠨ ᠨᠠᠮ ᠤᠨ ᠪᠠᠶᠢᠭᠤᠯᠤᠯᠳᠠ ᠶᠢ ᠠᠳᠬᠤᠵᠤ᠂ ᠴᠡᠭᠴᠡᠯᠡᠨ ᠰᠠᠶᠢᠵᠢᠷᠠᠭᠤᠯᠤᠯᠳᠠ | ᠶᠢ ᠴᠢᠩᠭ᠎ᠠ ᠪᠤᠳᠠᠳᠠᠢ ᠠᠳᠬᠤᠵᠤ᠂ ᠰᠢᠯᠢᠳᠡᠭ ᠠᠮᠵᠢᠯᠳᠡ ᠪᠠᠷ ᠢᠶᠠᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ | ᠤᠨ ᠠᠮᠵᠢᠯᠳᠡ ᠲᠠᠢ ᠬᠤᠷᠠᠯᠳᠤᠬᠤ ᠶᠢ ᠤᠬᠳᠤᠵᠤ᠂ ᠦᠪᠡᠷᠳᠡᠭᠡᠨ ᠵᠠᠰᠠᠬᠤ ᠤᠷᠤᠨ ᠪᠠᠶᠢᠭᠤᠯᠤᠬᠳᠠᠬᠰᠠᠨ 70 | ᠵᠢᠯ ᠤᠨ ᠤᠢ ᠶᠢ ᠪᠡᠯᠭᠡᠯᠡᠭᠦ ᠬᠡᠷᠡᠭᠳᠡᠢ ᠬᠡᠵᠤ ᠴᠢᠬᠤᠯᠠᠴᠢᠯᠠᠪᠠ᠃ | ᠦᠪᠦᠷ ᠮᠤᠩᠭᠤᠯ ᠤᠨ ᠴᠦᠭᠡᠨ ᠲᠤᠭᠠᠳᠦ ᠦᠨᠳᠦᠰᠦᠳᠡᠨ ᠤ ᠰᠤᠶᠤᠯ ᠪᠡᠶ᠎ᠠ ᠶᠢᠨ ᠲᠠᠮᠢᠷ ᠤᠨ ᠬᠦᠳᠡᠯᠭᠡᠭᠡᠨ | ᠤ ᠲᠦᠪ ᠲᠤ᠂ ᠽᠧᠩ ᠢ ᠴᠦᠨ᠂ ᠦᠪᠡᠷᠳᠡᠭᠡᠨ ᠵᠠᠰᠠᠬᠤ ᠤᠷᠤᠨ ᠪᠠᠶᠢᠭᠤᠯᠤᠬᠳᠠᠬᠰᠠᠨ 70 ᠵᠢᠯ ᠤᠨ ᠤᠢ ᠶᠢ | ᠪᠡᠯᠭᠡᠯᠡᠭᠦ ᠠᠵᠢᠯᠯᠠᠭ᠎ᠠ ᠪᠤᠯ ᠦᠪᠦᠷ ᠮᠤᠩᠭᠤᠯ ᠤᠨ ᠲᠤᠮᠤ ᠶᠠᠪᠤᠳᠠᠯ ᠪᠤᠯᠬᠤ ᠪᠦᠭᠡᠳ ᠨᠠᠮ ᠪᠠ ᠤᠯᠤᠰ ᠤᠨ ᠲᠤᠮᠤ | ᠶᠠᠪᠤᠳᠠᠯ ᠪᠤᠯᠤᠨ᠎ᠠ᠃ ᠤᠷᠤᠨ ᠤ ᠲᠦᠪ ᠬᠤᠳᠠ ᠪᠤᠯ ᠪᠡᠯᠭᠡᠯᠡᠭᠦ ᠠᠵᠢᠯᠯᠠᠭ᠎ᠠ ᠶᠢᠨ ᠭᠤᠤᠯ ᠰᠠᠭᠤᠷᠢᠨ ᠪᠠᠶᠢᠵᠤ᠂ | ᠪᠡᠯᠭᠡᠯᠡᠭᠦ ᠠᠵᠢᠯ ᠲᠤᠮᠳᠠ ᠴᠢᠬᠤᠯᠠ ᠲᠡᠤᠭᠡᠳᠦ ᠡᠭᠦᠷᠭᠡ ᠡᠭᠦᠷᠭᠡᠯᠡᠵᠤ ᠪᠤᠢ᠂ ᠲᠤᠰ ᠤᠳᠠᠭᠠᠨ ᠤ ᠪᠡᠯᠭᠡᠯᠡᠭᠦ | ᠠᠵᠢᠯᠯᠠᠭ᠎ᠠ ᠪᠠᠷ ᠲᠤᠬᠢᠶᠠᠯ ᠪᠤᠯᠭᠠᠨ᠂ ᠤᠷᠤᠨ ᠤ ᠲᠦᠪ ᠬᠤᠳᠠ ᠶᠢᠨ ᠰᠤᠶᠤᠯ ᠵᠢᠭᠤᠯᠴᠢᠯᠠᠯ ᠤᠨ ᠠᠵᠤ ᠦᠢᠯᠡᠰ ᠢ | ᠶᠡᠭᠡᠪᠡᠷ ᠬᠦᠭᠵᠢᠭᠦᠯᠵᠤ᠂ ᠠᠵᠤ ᠠᠬᠤᠢ ᠨᠡᠶᠢᠭᠡᠮ ᠤᠨ ᠬᠦᠭᠵᠢᠯᠳᠡ ᠶᠢ ᠪᠦᠬᠦ ᠲᠠᠯ᠎ᠠ ᠪᠠᠷ ᠠᠬᠢᠭᠤᠯᠤᠨ᠂ | ᠬᠦᠬᠡᠬᠤᠳᠠ ᠶᠢᠨ ᠤᠷᠤᠨ ᠤ ᠲᠦᠪ ᠬᠤᠳᠠ ᠶᠢᠨ ᠡᠭᠦᠷᠭᠡ ᠴᠢᠳᠠᠪᠬᠢ ᠶᠢ ᠶᠡᠭᠡᠪᠠᠷ ᠴᠢᠩᠭᠠᠷᠠᠭᠤᠯᠵᠤ᠂ ᠪᠡᠯᠭᠡᠯᠡᠭᠦ | ᠠᠵᠢᠯᠯᠠᠭ᠎ᠠ ᠶᠢᠨ ᠲᠡᠭᠦᠰ ᠠᠮᠵᠢᠯᠳᠡ ᠤᠯᠬᠤ ᠶᠢ ᠪᠠᠳᠤᠯᠠᠬᠤ ᠬᠡᠷᠡᠭᠳᠡᠢ ᠬᠡᠵᠤ ᠵᠢᠭᠠᠵᠤ ᠭᠠᠷᠭᠠᠪᠠ᠃ | ᠽᠧᠩ ᠢ ᠴᠦᠨ ᠲᠤᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ | ᠨᠡᠶᠢᠳᠡᠪᠦᠷᠢᠵᠢᠭᠤᠯᠤᠭᠰᠠᠨ ᠲᠠᠯ᠎ᠠ ᠪᠠᠷ ᠪᠠᠶᠢᠴᠠᠭᠠᠨ ᠰᠤᠳᠤᠯᠤᠯᠳᠠ ᠬᠢᠬᠦ ᠳᠡᠭᠡᠨ᠂ ᠲᠤᠭᠤᠷᠢᠨ ᠪᠠᠶᠢᠴᠠᠭᠠᠵᠤ ᠴᠡᠭᠴᠡᠯᠡᠨ | ᠰᠠᠶᠢᠵᠢᠷᠠᠭᠤᠯᠬᠤ ᠠᠵᠢᠯ ᠢ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠤᠯᠭᠠᠵᠤ᠂ ᠪᠦᠬᠦ ᠲᠠᠯ᠎ᠠ ᠪᠠᠷ ᠨᠠᠮ ᠢ | ᠴᠢᠩᠭ᠎ᠠ ᠵᠠᠰᠠᠬᠤ ᠳᠤ ᠠᠩᠬᠠᠷᠤᠯ ᠢᠶᠠᠨ ᠲᠦᠪᠯᠡᠷᠡᠭᠦᠯᠦᠨ᠂ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠢᠮᠠᠬᠳᠠ | ᠪᠠᠷᠢᠮᠳᠠᠯᠠᠵᠤ᠂ ᠡᠷᠡᠰ ᠬᠠᠳᠠᠭᠤ ᠤᠪᠤᠷ ᠪᠠ ᠪᠦᠳᠤᠮᠵᠢᠳᠠᠢ ᠠᠷᠭ᠎ᠠ ᠬᠡᠮᠵᠢᠶ᠎ᠠ ᠪᠠᠷ ᠴᠡᠭᠴᠡᠯᠡᠨ ᠰᠠᠶᠢᠵᠢᠷᠠᠭᠤᠯᠵᠤ | ᠨᠡᠶᠢᠳᠡᠪᠦᠷᠢᠵᠢᠭᠤᠯᠬᠤ ᠶᠢ ᠴᠢᠩᠭ᠎ᠠ ᠪᠤᠳᠠᠳᠠᠢ ᠰᠠᠶᠢᠳᠤᠷ ᠠᠳᠬᠤᠵᠤ᠂ ᠴᠡᠭᠴᠡᠯᠡᠨ ᠰᠠᠶᠢᠵᠢᠷᠠᠭᠤᠯᠬᠤ ᠠᠵᠢᠯ ᠢ | ᠲᠤᠬᠳᠠᠬᠰᠠᠨ ᠬᠤᠭᠤᠴᠠᠭᠠᠨ ᠳᠤ ᠪᠠᠶᠠᠯᠠᠬᠦᠯᠤᠨ᠂ ᠦᠨᠡᠨᠬᠦ ᠪᠤᠳᠠᠳᠠᠢ ᠦᠷ᠎ᠠ ᠪᠦᠳᠦᠮᠵᠢ ᠤᠯᠬᠤ ᠶᠢ ᠪᠠᠳᠤᠯᠠᠬᠤ | ᠬᠡᠷᠡᠭᠳᠡᠢ ᠬᠡᠵᠤ ᠴᠢᠬᠤᠯᠠᠴᠢᠯᠠᠪᠠ᠃ | ᠲᠤᠭᠳᠠᠬᠤ ᠰᠢᠶᠠᠨ ᠤ ᠪᠠᠭ᠎ᠠ ᠠᠮᠠᠳᠤ ᠲᠤᠰᠬᠤᠨ ᠵᠡᠷᠭᠡ ᠭᠠᠵᠠᠷ ᠲᠤ᠂ ᠽᠧᠩ ᠢ ᠴᠦᠨ᠂ ᠨᠠᠮ ᠤᠨ | ᠰᠠᠭᠤᠷᠢᠨ ᠦᠨᠳᠦᠰᠦᠨ ᠱᠠᠳᠤᠨ ᠳᠤ ᠪᠠᠶᠢᠬᠤ ᠪᠦᠭᠡᠳ ᠨᠠᠮ ᠤᠨ ᠠᠮᠢᠵᠢᠷᠠᠯ ᠤᠨ ᠬᠦᠴᠦᠨ ᠴᠤ ᠦᠨᠳᠦᠰᠦᠨ | ᠱᠠᠳᠤᠨ ᠳᠤ ᠪᠠᠶᠢᠳᠠᠭ᠂ ᠲᠡᠭᠡᠬᠦᠯᠠᠷ ᠦᠨᠳᠦᠰᠦᠨ ᠱᠠᠳᠤ ᠶᠢ ᠠᠳᠬᠤᠵᠤ ᠰᠠᠭᠤᠷᠢ ᠪᠠᠨ ᠪᠠᠳᠤᠳᠬᠠᠬᠤ ᠠᠵᠢᠯ ᠢ ᠨᠢᠭᠡ | ᠮᠦᠴᠡ ᠴᠤ ᠰᠤᠯᠠᠷᠠᠭᠤᠯᠵᠤ ᠪᠤᠯᠬᠤ ᠦᠭᠡᠢ᠃ ᠨᠠᠮ ᠤᠨ ᠪᠠᠶᠢᠭᠤᠯᠤᠯᠳᠠ ᠪᠠᠷ ᠬᠦᠳᠦᠯᠦᠨ ᠲᠠᠭᠠᠭᠤᠯᠵᠤ᠂ | ᠦᠨᠳᠦᠰᠦᠨ ᠱᠠᠳᠤᠨ ᠤ ᠨᠠᠮ ᠤᠨ ᠪᠠᠶᠢᠭᠤᠯᠤᠯᠳᠠ ᠶᠢᠨ ᠦᠨᠳᠦᠰᠦᠨ ᠱᠠᠳᠤᠨ ᠤ ᠠᠵᠢᠯ ᠲᠤᠮᠳᠠᠬᠢ ᠲᠠᠭᠠᠭᠤᠯᠤᠬᠴᠢ | ᠦᠢᠯᠡᠳᠦᠯ ᠢ ᠬᠦᠢᠴᠡᠳ ᠪᠠᠳᠠᠷᠠᠭᠤᠯᠦᠨ᠂ ᠦᠨᠳᠦᠰᠦᠨ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠶᠢᠨ ᠤᠯᠤᠰ | ᠲᠦᠷᠦ ᠶᠢᠨ ᠴᠢᠳᠠᠪᠬᠢ ᠶᠢ ᠴᠢᠩᠭᠠᠷᠠᠭᠤᠯᠵᠤ᠂ ᠦᠨᠳᠦᠰᠦᠨ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠶᠢᠨ | ᠬᠦᠭᠵᠢᠯᠳᠡ ᠶᠢ ᠠᠬᠢᠭᠤᠯᠬᠤ᠂ ᠤᠯᠠᠨ ᠲᠦᠮᠡᠨ ᠳᠤ ᠦᠢᠯᠡᠴᠢᠯᠡᠭᠦ ᠪᠠᠳᠤ ᠴᠢᠩᠭ᠎ᠠ ᠲᠠᠶᠢᠴᠢᠨ ᠪᠠᠬᠢᠯᠡᠯᠳᠡ ᠪᠤᠯᠭᠠᠨ | ᠪᠠᠶᠢᠭᠤᠯᠬᠤ ᠪᠠᠷ ᠬᠦᠴᠦᠯᠡᠭᠦ ᠬᠡᠷᠡᠭᠳᠡᠢ ᠬᠡᠵᠤ ᠴᠢᠬᠤᠯᠠᠴᠢᠯᠠᠵᠠᠢ᠃ |