ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠦᠭᠡᠷᠡᠴᠢᠯᠡᠯᠳᠡ ᠶᠢ ᠪᠦᠬᠦ ᠲᠠᠯ᠎ᠠ ᠪᠠᠷ ᠬᠦᠨᠵᠡᠬᠡᠶᠢᠷᠡᠬᠦᠯᠬᠦ ᠤᠳᠤᠷᠢᠳᠬᠤ ᠳᠤᠭᠤᠶᠢᠯᠠᠩ ᠤᠨ ᠬᠤᠷᠢᠨ ᠲᠦᠷᠪᠡᠳᠦᠭᠡᠷ ᠤᠳᠠᠭ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2017/7/4
      7 ᠳ᠋ᠤᠭᠠᠷ ᠰᠠᠷ᠎ᠠ ᠶᠢᠨ 3᠎ ᠤ ᠡᠳᠦᠷ ᠤᠨ ᠦᠳᠡ ᠶᠢᠨ ᠬᠤᠶᠢᠨ᠎ᠠ᠂ ᠦᠪᠡᠷᠳᠡᠭᠡᠨ ᠵᠠᠰᠬᠠᠤ ᠤᠷᠤᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠡᠷᠬᠢᠯᠡᠭᠴᠢ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠦᠭᠡᠷᠡᠴᠢᠯᠡᠯᠳᠡ ᠶᠢ ᠪᠦᠬᠦ ᠲᠠᠯ᠎ᠠ ᠪᠠᠷ ᠬᠦᠨᠵᠡᠭᠡᠶᠢᠷᠡᠬᠦᠯᠬᠦ ᠤᠳᠤᠷᠢᠳᠬᠤ ᠳᠤᠭᠤᠶᠢᠯᠠᠩ ᠤᠨ ᠲᠠᠷᠤᠭ᠎ᠠ ᠯᠢ ᠵᠢᠢ ᠾᠧᠩ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠦᠭᠡᠷᠡᠴᠢᠯᠡᠯᠳᠡ ᠶᠢ ᠪᠦᠬᠦ ᠲᠠᠯ᠎ᠠ ᠪᠠᠷ ᠬᠦᠨᠵᠡᠭᠡᠶᠢᠷᠡᠬᠦᠯᠬᠦ ᠤᠳᠤᠷᠢᠳᠬᠤ ᠳᠤᠭᠤᠶᠢᠯᠠᠩ ᠤᠨ ᠬᠤᠷᠢᠨ ᠲᠦᠷᠪᠡᠳᠦᠭᠡᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠬᠤ ᠶᠢᠨ ᠬᠠᠮᠳᠤ ᠶᠠᠷᠢᠶ᠎ᠠ ᠲᠠᠯᠪᠢᠪᠠ᠃ ᠲᠡᠷᠡ᠂ ᠡᠯ᠎ᠠ ᠱᠠᠳᠤ ᠡᠯ᠎ᠠ ᠰᠠᠯᠠᠭ᠎ᠠ ᠮᠦᠴᠢᠷ ᠤᠨ ᠬᠢᠨ ︽ᠲᠦᠷᠪᠡᠨ ᠤᠬᠠᠮᠰᠠᠷ︾᠎ ᠢ ᠪᠠᠳᠤ ᠪᠠᠬᠢ ᠪᠤᠢ ᠪᠤᠯᠭᠠᠵᠤ᠂ ᠤᠬᠠᠮᠰᠠᠷ ᠠᠴᠠ ᠪᠠᠨ ᠶᠡᠷᠦᠩᠬᠡᠢ ᠱᠦᠵᠢ ᠰᠢ ᠶᠢᠨ ᠫᠢᠩ ᠤᠨ ᠦᠭᠡᠷᠡᠴᠢᠯᠡᠯᠳᠡ ᠶᠢ ᠪᠦᠬᠦ ᠲᠠᠯ᠎ᠠ ᠪᠠᠷ ᠬᠦᠨᠵᠡᠭᠡᠶᠢᠷᠡᠬᠦᠯᠬᠦ ᠲᠤᠬᠠᠢ ᠴᠢᠬᠤᠯᠠ ᠦᠭᠦᠯᠡᠯᠳᠡ ᠪᠠᠷ ᠦᠭᠡᠷᠡᠴᠢᠯᠡᠯᠳᠡ ᠶᠢᠨ ᠦᠢᠯᠡᠳᠦᠯᠭᠡ ᠪᠠᠨ ᠵᠢᠯᠤᠭᠤᠳᠣᠭᠤᠯᠵᠣ ᠂ ᠦᠭᠡᠷᠡᠴᠢᠯᠡᠯᠳᠡ ᠶᠢ ᠪᠤᠳᠠᠳᠠᠢ ᠠᠴᠠ ᠪᠤᠳᠠᠳᠠᠢ ᠠᠳᠬᠤᠵᠤ᠂ ᠦᠨᠡᠨ ᠪᠤᠳᠠᠳᠠᠢ ᠦᠷ᠎ᠡ ᠪᠦᠳᠦᠮᠵᠢ ᠪᠠᠷ ᠦᠭᠡᠷᠡᠴᠢᠯᠡᠯᠳᠡ ᠶᠢᠨ ᠬᠠᠷᠠᠯᠳᠠ ᠶᠢᠨ ᠪᠡᠶᠡᠯᠡᠭᠳᠡᠭᠦ ᠶᠢ ᠠᠬᠢᠭᠤᠯᠬᠤ ᠬᠡᠷᠡᠭᠳᠡᠢ ᠬᠡᠵᠤ ᠴᠢᠬᠤᠯᠠᠴᠢᠯᠠᠪᠠ᠃      ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠦᠭᠡᠷᠡᠴᠢᠯᠡᠯᠳᠡ ᠶᠢ ᠪᠦᠬᠦ ᠲᠠᠯ᠎ᠠ ᠪᠠᠷ ᠬᠦᠨᠵᠡᠭᠡᠶᠢᠷᠡᠬᠦᠯᠬᠦ ᠤᠳᠤᠷᠢᠳᠬᠤ ᠳᠤᠭᠤᠶᠢᠯᠠᠩ ᠤᠨ ᠲᠡᠳ᠋ ᠲᠠᠷᠤᠭ᠎ᠠ ᠪᠦ᠋ ᠰᠢᠶᠤᠤ ᠯᠢᠨ᠂ ᠯᠢ ᠵᠢᠶᠠ ᠬᠤᠷᠠᠯ ᠳᠤ ᠤᠷᠤᠯᠴᠠᠵᠠᠢ᠃      ᠬᠤᠷᠠᠯ ᠠᠴᠠ ᠲᠦᠪ ᠤᠨ ᠦᠭᠡᠷᠡᠴᠢᠯᠡᠯᠳᠡ ᠶᠢ ᠪᠦᠬᠦ ᠲᠠᠯ᠎ᠠ ᠪᠠᠷ ᠬᠦᠨᠵᠡᠭᠡᠶᠢᠷᠡᠬᠦᠯᠬᠦ ᠤᠳᠤᠷᠢᠳᠬᠤ ᠳᠤᠭᠤᠶᠢᠯᠠᠩ ᠤᠨ ᠭᠤᠴᠢᠨ ᠵᠢᠷᠭᠤᠳᠤᠭᠠᠷ ᠤᠳᠠᠭ᠎ᠠ ᠶᠢᠨ ᠬᠤᠷᠠᠯ ᠤᠨ ᠵᠤᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠡᠯ᠎ᠠ ᠭᠠᠵᠠᠷ ᠤᠷᠤᠨ ᠡᠯ᠎ᠠ ᠰᠠᠯᠠᠭ᠎ᠠ ᠮᠦᠴᠢᠷ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠬᠢᠨᠠᠮᠠᠭᠠᠢ ᠰᠤᠷᠤᠯᠴᠠᠨ ᠲᠤᠤᠱᠯᠠᠭᠤᠯᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠲᠦᠪ ᠤᠨ ᠱᠠᠭᠠᠷᠳᠠᠯᠭ᠎ᠠ ᠲᠡᠭᠡᠷ᠎ᠡ ᠦᠨᠡᠨᠬᠦ ᠨᠢᠭᠡᠳᠭᠡᠵᠦ᠂ ᠪᠦᠬᠦ ᠲᠠᠯ᠎ᠠ ᠶᠢᠨ ᠦᠨᠳᠦᠷᠴᠡ ᠠᠴᠠ ᠦᠭᠡᠷᠡᠴᠢᠯᠡᠯᠳᠡ ᠶᠢ ᠲᠦᠯᠦᠪᠵᠢᠭᠦᠯᠭᠦ ᠶᠢ ᠪᠠᠷᠢᠮᠳᠠᠯᠠᠵᠣ᠂ ᠦᠭᠡᠷᠡᠴᠢᠯᠡᠯᠳᠡ ᠶᠢᠨ ᠲᠦᠰᠦᠯ ᠢ ᠬᠠᠮᠵᠢᠯᠴᠠᠭᠤᠯᠬᠤ᠂ ᠦᠭᠡᠷᠡᠴᠢᠯᠡᠯᠳᠡ ᠶᠢᠨ ᠨᠠᠶᠢᠳᠠᠪᠤᠷᠢᠵᠢᠭᠤᠯᠤᠯᠲᠠ ᠶᠢ ᠬᠠᠮᠵᠢᠯᠴᠠᠭᠤᠯᠬᠤ᠂ ᠦᠭᠡᠷᠡᠴᠢᠯᠡᠯᠳᠡ ᠶᠢᠨ ᠦᠷ᠎ᠠ ᠪᠦᠳᠦᠮᠵᠢ ᠶᠢ ᠬᠠᠮᠵᠢᠯᠴᠠᠭᠤᠯᠬᠤ ᠶᠢ ᠴᠢᠩᠭᠠᠳᠬᠠᠬᠤ ᠲᠠᠯ᠎ᠠ ᠪᠠᠷ ᠦᠷᠭᠦᠯᠵᠢᠯᠡᠨ ᠬᠦᠴᠦᠯᠡᠵᠤ᠂ ᠦᠭᠡᠷᠡᠴᠢᠯᠡᠯᠳᠡ ᠶᠢᠨ ᠰᠢᠰᠲ᠋ᠧᠮᠵᠢᠨ ᠪᠦᠷᠢᠯᠳᠦᠬᠦ ᠶᠢ ᠠᠬᠢᠭᠤᠯᠵᠤ᠂ ᠦᠭᠡᠷᠡᠴᠢᠯᠡᠯᠳᠡ ᠶᠢᠨ ᠪᠦᠬᠦᠯᠢ ᠴᠤᠬᠴᠠ ᠶᠢᠨ ᠦᠷ᠎ᠡ ᠨᠦᠯᠦᠭᠡ ᠶᠢ ᠪᠠᠳᠠᠷᠠᠭᠤᠯᠬᠤ ᠬᠡᠷᠡᠭᠳᠡᠢ ᠬᠡᠵᠤ ᠴᠢᠬᠤᠯᠠᠴᠢᠯᠠᠪᠠ᠃      ᠬᠤᠷᠠᠯ ᠠᠴᠠ᠂ ᠦᠭᠡᠷᠡᠴᠢᠯᠡᠯᠳᠡ ᠶᠢᠨ ᠠᠵᠢᠯ ᠢ ᠴᠢᠨᠠᠬᠰᠢᠳᠠ ᠪᠤᠳᠠᠳᠠᠢ ᠠᠳᠬᠤᠵᠤ᠂ ᠦᠭᠡᠷᠡᠴᠢᠯᠡᠯᠳᠡ ᠶᠢ ᠪᠦᠬᠦ ᠲᠠᠯ᠎ᠠ ᠪᠠᠷ ᠬᠦᠨᠵᠡᠭᠡᠶᠢᠷᠡᠬᠦᠯᠬᠦ ᠶᠢ ᠲᠠᠰᠤᠷᠠᠯᠳᠠ ᠦᠭᠡᠢ ᠬᠦᠨᠵᠡᠭᠡᠶᠢᠷᠡᠬᠦᠯᠦᠨ ᠠᠬᠢᠭᠤᠯᠬᠤ ᠬᠡᠷᠡᠭᠳᠡᠢ᠃ ᠦᠭᠡᠷᠡᠴᠢᠯᠡᠯᠳᠡ ᠶᠢᠨ ᠲᠦᠰᠦᠯ ᠨᠢ ᠪᠤᠳᠠᠳᠠᠢ ᠶᠢ ᠡᠷᠬᠢᠮᠯᠡᠵᠤ᠂ ᠴᠢᠭᠯᠡᠯ ᠢ ᠦᠨᠡᠨᠭᠦ ᠣᠨᠣᠪᠴᠢᠳᠠᠢ ᠡᠵᠡᠮᠰᠢᠨ᠂ ᠡᠮᠬᠢ ᠲᠠᠷᠠᠭᠠᠯᠠᠯ ᠢ ᠦᠨᠡᠨᠬᠦ ᠴᠢᠩᠳᠠᠯᠠᠨ᠂ ᠠᠷᠭ᠎ᠠ ᠬᠡᠮᠵᠢᠶ᠎ᠠ ᠶᠢ ᠦᠨᠡᠨᠬᠦ ᠪᠤᠳᠠᠳᠠᠶᠢᠵᠢᠭᠤᠯᠤᠨ ᠳᠡᠭᠡᠭᠰᠢᠯᠡᠭᠦᠯᠵᠦ᠂ ᠲᠡᠭᠡᠷ᠎ᠡ ᠲᠤᠤᠷ᠎ᠠ ᠱᠠᠳᠣ ᠦᠨᠡᠨᠬᠦ ᠨᠠᠪᠳᠡᠷᠡᠯᠴᠡᠵᠦ᠂ ᠦᠭᠡᠷᠡᠴᠢᠯᠡᠯᠳᠡ ᠶᠢᠨ ᠲᠦᠰᠦᠯ ᠤᠨ ᠴᠢᠨᠠᠷ ᠢ ᠲᠡᠭᠡᠭᠰᠢᠯᠡᠭᠦᠯᠭᠦ ᠬᠡᠷᠡᠭᠳᠡᠢ᠃ ᠦᠭᠡᠷᠡᠴᠢᠯᠡᠯᠳᠡ ᠬᠢᠬᠦ ᠠᠰᠠᠭᠤᠳᠠᠯ ᠪᠣᠳᠠᠳᠠᠢ ᠵᠦᠢᠯ ᠢ ᠠᠩᠬᠠᠷᠴᠤ᠂ ᠠᠰᠠᠭᠤᠳᠠᠯ ᠢ ᠴᠢᠭᠯᠡᠨ ᠬᠦᠷᠴᠦ᠂ ᠠᠰᠠᠭᠤᠳᠠᠯ ᠢ ᠲᠠᠭᠠᠨ ᠶᠠᠪᠤᠬᠤ ᠶᠢ ᠪᠠᠷᠢᠮᠳᠠᠯᠠᠵᠤ᠂ ᠠᠰᠠᠭᠤᠳᠠᠯ ᠢ ᠴᠢᠳᠠᠮᠠᠭᠠᠢ ᠪᠠᠷ ᠢᠯᠡᠷᠡᠭᠦᠯᠦᠨ᠂ ᠠᠰᠠᠭᠤᠳᠠᠯ ᠢ ᠨᠠᠷᠢᠨ ᠰᠤᠳᠤᠯᠵᠤ᠂ ᠵᠤᠷᠢᠬᠳᠠᠢ ᠪᠠᠷ ᠠᠰᠠᠭᠤᠳᠠᠯ ᠢ ᠰᠢᠢᠳᠪᠦᠷᠢᠯᠡᠭᠦ ᠬᠡᠷᠡᠭᠳᠡᠢ᠃ ᠦᠭᠡᠷᠡᠴᠢᠯᠡᠯᠳᠡ ᠶᠢᠨ ᠦᠷ᠎ᠡ ᠪᠦᠳᠦᠮᠵᠢ ᠶᠢ ᠪᠤᠳᠠᠳᠠᠢ ᠠᠳᠬᠤᠵᠤ᠂ ᠠᠵᠤ ᠠᠬᠤᠢ ᠨᠡᠶᠢᠭᠡᠮ ᠤᠨ ᠬᠦᠭᠵᠢᠯᠳᠡ ᠶᠢ ᠠᠬᠢᠭᠤᠯᠬᠤ ᠡᠰᠡᠭᠦ᠂ ᠠᠷᠠᠳ ᠤᠯᠠᠨ ᠳᠤ ᠦᠨᠡᠨ ᠪᠤᠳᠠᠳᠠᠢ ᠬᠦᠷᠳᠡᠬᠡᠮᠵᠢ ᠶᠢᠨ ᠲᠦᠷᠦᠭᠳᠡᠯ ᠤᠯᠭᠤᠬᠤ ᠡᠰᠡᠭᠦ ᠶᠢ ᠦᠭᠡᠷᠡᠴᠢᠯᠡᠯᠳᠡ ᠶᠢᠨ ᠦᠷ᠎ᠠ ᠪᠦᠳᠦᠮᠵᠢ ᠶᠢ ᠦᠨᠡᠯᠡᠭᠦ ᠪᠠᠷᠢᠮᠵᠢᠶ᠎ᠠ ᠪᠤᠯᠭᠠᠵᠤ᠂ ᠦᠭᠡᠷᠡᠴᠢᠯᠡᠯᠳᠡ ᠶᠢ ᠦᠨᠡᠨᠬᠦ ᠤᠯᠠᠨ ᠲᠦᠮᠡᠨ ᠤ ᠰᠡᠳᠬᠢᠯ ᠳᠤ ᠰᠠᠭᠤᠭᠳᠠᠳᠠᠯ᠎ᠠ ᠬᠢᠵᠦ᠂ ᠤᠯᠠᠨ ᠲᠦᠮᠡᠨ ᠤ ᠪᠠᠴᠢᠮ ᠱᠠᠭᠠᠷᠳᠠᠵᠣ ᠪᠠᠶᠢᠭ᠎ᠠ ᠵᠦᠢᠯ ᠳᠤ ᠬᠦᠷᠳᠡᠯ᠎ᠠ ᠨᠠᠶᠢᠳᠠᠪᠤᠷᠢᠵᠢᠭᠤᠯᠬᠤ ᠬᠡᠷᠡᠭᠳᠡᠢ᠃ ᠦᠭᠡᠷᠡᠴᠢᠯᠡᠯᠳᠡ ᠶᠢᠨ ᠬᠠᠷᠢᠭᠤᠴᠠᠯᠭ᠎ᠠ ᠶᠢ ᠪᠤᠳᠠᠲᠠᠶᠢᠵᠢᠭᠤᠯᠵᠤ᠂ ᠲᠤᠰᠬᠠᠢ ᠳᠤᠭᠤᠶᠢᠯᠠᠩ᠂ ᠲᠠᠭᠠᠭᠤᠯᠤᠨ ᠭᠦᠢᠴᠡᠳᠭᠡᠬᠦ ᠨᠢᠭᠡᠴᠡ᠂ ᠦᠭᠡᠷᠡᠴᠢᠯᠡᠯᠳᠡ ᠶᠢᠨ ᠠᠯᠪᠠᠨ ᠬᠡᠷ ᠲᠤᠰᠢᠶᠠᠯ ᠬᠠᠷᠢᠭᠤᠴᠠᠯᠭ᠎ᠠ ᠪᠠᠨ ᠬᠢᠨᠠᠮᠠᠭᠠᠢ ᠬᠦᠢᠴᠡᠳᠭᠡᠵᠤ᠂ ᠡᠯ᠎ᠠ ᠱᠠᠳᠤᠨ ᠤ ᠤᠳᠤᠷᠢᠳᠬᠤ ᠺᠠᠳ᠋ᠷᠴᠤᠳ ᠤᠨᠴᠠᠭᠠᠶᠢᠯᠠᠨ᠂ ︽ᠭᠤᠣᠯ ᠬᠠᠷᠢᠭᠤᠴᠠᠯᠭᠠᠳᠠᠨ︾ ᠦᠭᠡᠷᠡᠴᠢᠯᠡᠯᠳᠡ ᠶᠢ ᠪᠡᠶ᠎ᠡ ᠪᠠᠷ ᠢᠶᠠᠨ ᠠᠳᠬᠤᠵᠤ᠂ ᠬᠠᠳᠠᠭᠠᠰᠦ ᠬᠠᠳᠠᠬᠤ ᠵᠤᠷᠢᠭ ᠰᠠᠨᠠᠭ᠎ᠠ ᠪᠠᠷ ᠡᠯ᠎ᠠ ᠵᠦᠢᠯ ᠤᠨ ᠦᠭᠡᠷᠡᠴᠢᠯᠡᠯᠳᠡ ᠶᠢᠨ ᠠᠷᠭ᠎ᠠ ᠬᠡᠮᠵᠢᠶ᠎ᠠ ᠶᠢᠨ ᠨᠠᠷᠢᠯᠢᠭ ᠪᠤᠳᠠᠳᠠᠢ ᠨᠠᠶᠢᠳᠠᠪᠤᠷᠢᠵᠢᠭᠤᠯᠤᠭᠳᠠᠬᠤ ᠶᠢ ᠠᠬᠢᠭᠤᠯᠬᠤ ᠬᠡᠷᠡᠭᠳᠡᠢ ᠬᠡᠵᠤ ᠴᠢᠬᠤᠯᠠᠴᠢᠯᠠᠵᠠᠢ᠃      ᠬᠤᠷᠠᠯ ᠠᠴᠠ ︽ᠦᠪᠡᠷᠳᠡᠭᠡᠨ ᠵᠠᠰᠬᠠᠤ ᠤᠷᠤᠨ ᠤ ︿13·5﹀᠎ ᠶᠢᠨ ᠬᠤᠭᠤᠴᠠᠭᠠᠨ ᠤ ᠰᠤᠶᠤᠯ ᠤᠨ ᠬᠦᠭᠵᠢᠭᠦᠯᠦᠯᠳᠡ ᠦᠭᠡᠷᠡᠴᠢᠯᠡᠯᠳᠡ ᠶᠢᠨ ᠲᠦᠯᠦᠪᠵᠢᠭᠦᠯᠭᠡ ᠶᠢᠨ ᠬᠦᠳᠦᠯᠪᠦᠷᠢ︾ ︽︿ᠨᠢᠭᠡ ᠪᠦᠰᠡ ᠨᠢᠭᠡ ᠵᠠᠮ﹀᠎ ᠤᠨ ᠵᠦᠭᠡᠯᠡᠨ ᠬᠦᠴᠦᠨ ᠤ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠬᠡᠷᠡᠭᠵᠢᠭᠦᠯᠭᠦ ᠰᠠᠨᠠᠯ︾ ︽ᠨᠡᠶᠢᠭᠡᠮ ᠵᠢᠷᠤᠮ ᠤᠨ ᠭᠤᠤᠯᠯᠠᠬᠴᠢ ᠦᠷᠳᠡᠭ ᠤᠨ ᠦᠵᠡᠯᠳᠡ ᠶᠢ ᠬᠠᠤᠯᠢᠵᠢᠯ ᠤᠨ ᠪᠠᠶᠢᠭᠤᠯᠤᠯᠲᠠ ᠳᠤ ᠴᠢᠨᠠᠬᠰᠢᠳᠠ ᠠᠭᠤᠰᠬᠠᠬᠤ ᠲᠤᠬᠠᠢ ᠬᠡᠷᠡᠭᠵᠢᠭᠦᠯᠭᠦ ᠰᠠᠨᠠᠯ︾ ︽ᠰᠤᠶᠤᠯ ᠤᠨ ᠬᠦᠷᠢᠶᠡᠨ ᠤ ᠠᠵᠢᠯ ᠲᠦᠷᠦᠯ ᠤᠨ ᠵᠤᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠬᠡᠷᠡᠭᠵᠢᠭᠦᠯᠭᠦ ᠰᠠᠨᠠᠯ︾᠎ ᠢ ᠬᠢᠨᠠᠨ ᠵᠦᠪᠯᠡᠵᠤ ᠪᠠᠳᠤᠯᠠᠪᠠ᠃ ᠬᠤᠷᠠᠯ ᠠᠴᠠ᠂ ︽13·5︾᠎ ᠶᠢᠨ ᠬᠤᠭᠤᠴᠠᠭ᠎ᠠ ᠪᠤᠯ ᠰᠤᠶᠤᠯ ᠤᠨ ᠴᠡᠴᠡᠭᠯᠡᠯᠳᠡ ᠬᠦᠭᠵᠢᠯᠳᠡ ᠶᠢ ᠠᠬᠢᠭᠤᠯᠬᠤ᠂ ᠦᠨᠳᠦᠰᠦᠳᠡᠨ ᠤ ᠰᠤᠶᠤᠯ ᠤᠨ ᠬᠦᠴᠦᠷᠭᠡᠭ ᠤᠷᠤᠨ ᠢ ᠪᠠᠶᠢᠭᠤᠯᠬᠤ ᠵᠠᠩᠬᠢᠯᠠᠭ᠎ᠠ ᠶᠢᠨ ᠬᠤᠭᠤᠴᠠᠭ᠎ᠠ ᠪᠤᠯᠤᠨ᠎ᠠ᠂ ᠡᠯ᠎ᠠ ᠵᠦᠢᠯ ᠤᠨ ᠦᠭᠡᠷᠡᠴᠢᠯᠡᠯᠳᠡ ᠶᠢᠨ ᠲᠦᠰᠦᠯ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠬᠢᠨᠠᠮᠠᠭᠠᠢ ᠰᠠᠶᠢᠲᠤᠷ ᠠᠳᠬᠤᠵᠤ᠂ ᠰᠤᠶᠤᠯ ᠤᠨ ᠬᠦᠭᠵᠢᠭᠦᠯᠦᠯᠳᠡ ᠦᠭᠡᠷᠡᠴᠢᠯᠡᠯᠳᠡ ᠶᠢᠨ ᠰᠠᠶᠢᠨ ᠰᠠᠶᠢᠬᠠᠨ ᠪᠠᠶᠢᠳᠠᠯ ᠢ ᠦᠷᠭᠦᠯᠵᠢᠯᠡᠨ ᠪᠠᠲᠤᠯᠠᠵᠤ᠂  ︽ᠨᠢᠭᠡ ᠪᠦᠰᠡ ᠨᠢᠭᠡ ᠵᠠᠮ︾᠎ ᠤᠨ ᠵᠦᠭᠡᠯᠡᠨ ᠪᠤᠳᠠᠳᠤ ᠬᠦᠴᠦᠨ ᠤ ᠪᠠᠶᠢᠭᠤᠯᠤᠯᠲᠠ ᠶᠢᠨ ᠲᠦᠪᠰᠢᠨ ᠢᠶᠠᠨ ᠲᠡᠭᠡᠭᠰᠢᠯᠡᠭᠦᠯᠵᠤ᠂ ᠨᠡᠶᠢᠭᠡᠮ ᠵᠢᠷᠤᠮ ᠤᠨ ᠭᠤᠤᠯᠯᠠᠬᠴᠢ ᠦᠷᠳᠡᠭ ᠤᠨ ᠦᠵᠡᠯᠳᠡ ᠬᠦᠮᠦᠰ ᠤᠨ ᠰᠡᠳᠬᠢᠯ ᠳᠤ ᠨᠡᠩ ᠬᠠᠳᠠᠩᠰᠢᠬᠤ ᠶᠢ ᠠᠬᠢᠭᠤᠯᠵᠤ᠂ ᠰᠤᠶᠤᠯ ᠤᠨ ᠬᠦᠷᠢᠶᠡᠨ ᠤ ᠠᠵᠢᠯ ᠲᠦᠷᠦᠯ ᠤᠨ ᠵᠤᠬᠢᠶᠠᠨ ᠪᠠᠶᠢᠭᠤᠯᠤᠯᠲᠠ ᠶᠢᠨ ᠴᠢᠳᠠᠪᠬᠢ ᠦᠢᠯᠡᠳᠦᠯ ᠢ ᠨᠡᠩ ᠰᠠᠶᠢᠲᠤᠷ ᠪᠠᠳᠠᠷᠠᠭᠤᠯᠬᠤ ᠶᠢ ᠬᠦᠳᠦᠯᠦᠨ ᠵᠢᠯᠤᠭᠤᠳᠴᠤ᠂ ᠪᠦᠬᠦ ᠤᠷᠤᠨ ᠤ ᠰᠤᠶᠤᠯ ᠤᠨ ᠪᠠᠶᠢᠭᠤᠯᠤᠮᠵᠢ ᠶᠢᠨ ᠦᠭᠡᠷᠡᠴᠢᠯᠡᠯᠳᠡ ᠶᠢᠨ ᠨᠡᠩ ᠶᠡᠭᠡ ᠰᠢᠨ᠎ᠡ ᠠᠮᠵᠢᠯᠳᠡ ᠤᠯᠬᠤ ᠶᠢ ᠠᠬᠢᠭᠤᠯᠬᠤ ᠬᠡᠷᠡᠭᠳᠡᠢ ᠬᠡᠵᠤ ᠵᠢᠭᠠᠵᠤ ᠭᠠᠷᠭᠠᠪᠠ᠃      ᠬᠤᠷᠠᠯ ᠠᠴᠠ ᠪᠠᠰᠠ ᠦᠪᠡᠷᠳᠡᠭᠡᠨ ᠵᠠᠰᠬᠠᠤ ᠤᠷᠤᠨ ᠤ ᠨᠠᠮ ᠤᠨ ᠬᠤᠷᠢᠶ᠎ᠠ ᠶᠢᠨ ᠦᠭᠡᠷᠡᠴᠢᠯᠡᠯᠳᠡ ᠶᠢᠨ ᠠᠯᠪᠠᠨ ᠬᠡᠷ ᠤᠨ ᠳᠡᠭᠡᠷ᠎ᠡ ᠬᠠᠭᠠᠰ ᠵᠢᠯ ᠤᠨ ᠦᠭᠡᠷᠡᠴᠢᠯᠡᠯᠳᠡ ᠶᠢ ᠲᠤᠰᠬᠠᠢ ᠰᠢᠮᠳᠠᠭᠤᠯᠤᠨ ᠪᠠᠶᠢᠴᠠᠭᠠᠭᠰᠠᠨ ᠪᠠᠶᠢᠳᠠᠯ ᠤᠨ ᠬᠠᠷᠢᠭᠤ ᠮᠡᠳᠡᠭᠦᠯᠦᠯᠳᠡ ᠶᠢ ᠰᠤᠨᠤᠰᠴᠤ᠂ ᠦᠪᠡᠷᠳᠡᠭᠡᠨ ᠵᠠᠰᠠᠬᠤ ᠤᠷᠤᠨ ᠤ ᠤᠯᠤᠰ ᠤᠨ ᠦᠮᠴᠢᠯᠡᠯ ᠤᠨ ᠡᠳ᠋ ᠬᠦᠷᠦᠩᠬᠡ ᠶᠢ ᠬᠢᠨᠠᠨ ᠬᠠᠮᠢᠶᠠᠷᠬᠤ ᠵᠦᠪᠯᠡᠯ᠂ ᠠᠯᠠᠱᠠ ᠠᠶᠢᠮᠠᠭ᠂ ᠤᠳᠤᠭ ᠤᠨ ᠡᠮᠦᠨᠡᠳᠦ ᠬᠤᠰᠢᠭᠤᠨ ᠤ ᠭᠤᠤᠯ ᠬᠠᠷᠢᠭᠤᠴᠠᠯᠭᠠᠳᠠᠨ ᠨᠦᠬᠦᠳ ᠤᠨ ᠦᠭᠡᠷᠡᠴᠢᠯᠡᠯᠳᠡ ᠶᠢ ᠨᠠᠶᠢᠳᠠᠪᠤᠷᠢᠵᠢᠭᠤᠯᠬᠤ ᠶᠢ ᠠᠳᠬᠤᠬᠰᠠᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠳᠡ ᠶᠢ ᠰᠤᠨᠤᠰᠪᠠ᠃      ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠦᠭᠡᠷᠡᠴᠢᠯᠡᠯᠳᠡ ᠶᠢ ᠪᠦᠬᠦ ᠲᠠᠯ᠎ᠠ ᠪᠠᠷ ᠬᠦᠨᠵᠡᠭᠡᠶᠢᠷᠡᠬᠦᠯᠬᠦ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠬᠤᠷᠠᠯ ᠳᠤ ᠤᠷᠤᠯᠴᠠᠵᠤ᠂ ᠬᠠᠮᠢᠶ᠎ᠠ ᠪᠦᠬᠦᠢ ᠲᠠᠯ᠎ᠠ ᠶᠢᠨ ᠬᠠᠷᠢᠭᠤᠴᠠᠯᠭᠠᠳᠠᠨ ᠨᠦᠬᠦᠳ ᠬᠤᠷᠠᠯ ᠳᠤ ᠰᠤᠯᠠ ᠤᠷᠤᠯᠴᠠᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号