ᠦᠪᠡᠷᠳᠡᠭᠡᠨ ᠵᠠᠰᠬᠠᠤ ᠤᠷᠤᠨ ᠤ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠤᠯ ᠲᠤᠭᠤᠶᠢᠯᠠᠩ ᠲᠦᠪ ᠤᠨ ᠲᠤᠭᠤᠷᠢᠨ ᠪᠠᠶᠢᠴᠠᠭᠠᠵᠤ ︽ᠡᠷᠬᠢᠨ ᠬᠠᠷᠠᠬᠤ︾ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠨᠡᠶᠢᠳᠡᠪᠦᠷᠢᠵᠢᠭᠤᠯᠤᠬᠰᠠᠨ ᠪᠠᠶᠢᠳᠠᠯ ᠤᠨ ᠲᠤᠬᠠᠢ ᠬᠠᠮᠳᠤ ᠶᠢᠨ ᠰᠤᠷᠤᠯᠴᠠᠯᠭ᠎ᠠ ᠬᠢᠪᠡ
ᠨᠡᠶᠢᠲᠡᠯᠡᠭᠰᠡᠨ ᠴᠠᠭ᠄
2017/7/4
     7 ᠳ᠋ᠤᠭᠠᠷ ᠰᠠᠷ᠎ᠠ ᠶᠢᠨ 3᠎ ᠤ ᠦᠳᠡ ᠶᠢᠨ ᠡᠮᠦᠨ᠎ᠠ᠂ ᠦᠪᠡᠷᠳᠡᠭᠡᠨ ᠵᠠᠰᠬᠠᠤ ᠤᠷᠤᠨ ᠤ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠤᠯ ᠲᠤᠭᠤᠶᠢᠯᠠᠩ ᠲᠦᠪ ᠤᠨ ᠲᠤᠭᠤᠷᠢᠨ ᠪᠠᠶᠢᠴᠠᠭᠠᠵᠤ ︽ᠡᠷᠬᠢᠨ ᠬᠠᠷᠠᠬᠤ︾ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠨᠡᠶᠢᠳᠡᠪᠦᠷᠢᠵᠢᠭᠤᠯᠤᠬᠰᠠᠨ ᠪᠠᠶᠢᠳᠠᠯ ᠤᠨ ᠲᠤᠬᠠᠢ ᠬᠠᠷᠢᠭᠤ ᠲᠤᠰᠬᠠᠬᠰᠠᠨ ᠰᠠᠨᠠᠯ ᠳᠤ ᠠᠩᠬᠠᠷᠤᠯ ᠢᠶᠠᠨ ᠲᠦᠪᠯᠡᠷᠡᠭᠦᠯᠦᠨ 2017 ᠣᠨ ᠤ ᠲᠤᠯᠤᠳᠤᠭᠠᠷ ᠤᠳᠠᠭ᠎ᠠ ᠶᠢᠨ ᠬᠠᠮᠳᠤ ᠶᠢᠨ ᠰᠤᠷᠤᠯᠴᠠᠯᠭ᠎ᠠ ᠬᠢᠵᠠᠢ᠃ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠯᠢ ᠵᠢᠢ ᠾᠧᠩ ᠰᠤᠷᠤᠯᠴᠠᠯᠭ᠎ᠠ ᠶᠢ ᠡᠷᠬᠢᠯᠡᠭᠦ ᠶᠢᠨ ᠬᠠᠮᠳᠤ ᠶᠠᠷᠢᠶ᠎ᠠ ᠲᠠᠯᠪᠢᠬᠤ ᠳᠠᠭᠠᠨ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠲᠤᠬᠠᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠬᠦᠨᠵᠡᠭᠡᠢ ᠰᠤᠷᠤᠯᠴᠠᠨ ᠲᠤᠤᠱᠯᠠᠭᠤᠯᠵᠤ᠂ ᠤᠯᠤᠰ ᠲᠦᠷᠦ ᠶᠢᠨ ᠵᠤᠬᠰᠤᠴᠠ ᠪᠠᠨ ᠲᠡᠭᠡᠭᠰᠢᠯᠡᠭᠦᠯᠵᠤ᠂ ᠤᠯᠤᠰ ᠲᠦᠷᠦ ᠶᠢᠨ ᠡᠭᠦᠷᠭᠡᠯᠡᠯ ᠢᠶᠠᠨ ᠴᠢᠩᠭᠠᠷᠠᠭᠤᠯᠵᠤ᠂ ᠴᠡᠭᠴᠡᠯᠡᠨ ᠰᠠᠶᠢᠵᠢᠷᠠᠭᠤᠯᠵᠤ ᠨᠡᠶᠢᠳᠡᠪᠦᠷᠢᠵᠢᠭᠤᠯᠬᠤ ᠶᠢ ᠴᠢᠩᠭ᠎ᠠ ᠠᠳᠬᠤᠵᠤ᠂ ᠮᠠᠨ ᠤ ᠤᠷᠤᠨ ᠤ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠎ ᠤᠨ ᠰᠢᠨ᠎ᠠ ᠪᠠᠶᠢᠳᠠᠯ ᠢ ᠲᠠᠰᠤᠷᠠᠯᠳᠠ ᠦᠭᠡᠢ ᠨᠡᠭᠡᠭᠡᠭᠦ ᠬᠡᠷᠡᠭᠳᠡᠢ ᠬᠡᠵᠤ ᠴᠢᠬᠤᠯᠠᠴᠢᠯᠠᠪᠠ᠃      ᠬᠤᠷᠡᠯ ᠠᠴᠠ ᠡᠮᠦᠨ᠎ᠠ᠂ ᠤᠨᠤᠯ ᠰᠤᠷᠤᠯᠴᠠᠬᠤ ᠭᠤᠤᠯ ᠲᠤᠭᠤᠶᠢᠯᠠᠩ ᠤᠨ ᠪᠦᠷᠢᠯᠳᠦᠭᠦᠨ ᠨᠠᠷᠢᠨ ᠬᠢᠨᠠᠮᠠᠭᠠᠢ ᠪᠠᠷ ᠦᠪᠡᠷᠰᠡᠳ ᠢᠶᠠᠨ ᠰᠤᠷᠤᠯᠴᠠᠵᠤ᠂ ᠤᠯᠤᠯᠳᠠ ᠲᠦᠷᠦᠭᠳᠡᠯ ᠪᠢᠴᠢᠪᠡ᠃ ᠬᠠᠮᠳᠤ ᠶᠢᠨ ᠰᠤᠷᠤᠯᠴᠠᠯᠭ᠎ᠠ ᠶᠢᠨ ᠬᠤᠷᠠᠯ ᠲᠡᠭᠡᠷ᠎ᠡ᠂ ᠪᠠᠢ ᠢᠤᠢ ᠭᠠᠩ ᠨᠦᠬᠦᠷ ᠰᠤᠷᠤᠯᠴᠠᠯᠭ᠎ᠠ ᠶᠢᠨ ᠭᠤᠤᠯ ᠰᠡᠳᠦᠪ ᠤᠨ ᠲᠤᠭᠤᠷᠢᠨ ᠳᠤ ᠲᠤᠰᠬᠠᠢ ᠰᠡᠳᠦᠪᠳᠦ ᠬᠠᠪᠰᠤᠷᠤᠨ ᠵᠢᠯᠤᠭᠤᠳᠬᠤ ᠮᠡᠳᠡᠭᠦᠯᠦᠯᠳᠡ ᠬᠢᠵᠤ᠂ ᠪᠦ᠋ ᠰᠢᠶᠤᠤ ᠯᠢᠨ᠂ ᠯᠢ ᠵᠢᠶᠠ ᠵᠡᠷᠭᠡ ᠨᠦᠬᠦᠳ ᠭᠤᠤᠯᠳᠠᠯᠭ᠎ᠠ ᠲᠠᠢ ᠦᠭᠡ ᠬᠡᠯᠡᠵᠡᠢ᠃ ᠤᠯᠠᠨ ᠢᠶᠠᠷ ᠢᠶᠠᠨ ᠠᠵᠢᠯ ᠤᠨ ᠪᠤᠳᠠᠳᠠᠢ ᠲᠠᠢ ᠪᠠᠨ ᠤᠶᠠᠯᠳᠤᠭᠤᠯᠤᠨ᠂ ᠲᠠᠨᠢᠯᠳᠠ ᠪᠠᠨ ᠶᠠᠷᠢᠵᠤ᠂ ᠤᠯᠤᠯᠳᠠ ᠪᠠᠨ ᠰᠣᠯᠢᠯᠴᠠᠵᠣ᠂ ᠰᠠᠨᠠᠯ ᠰᠠᠨᠠᠭᠤᠯᠭ᠎ᠠ ᠲᠤᠷᠠᠳᠴᠤ᠂ ᠴᠢᠨᠠᠬᠰᠢᠳᠠ ᠦᠵᠡᠯ ᠰᠠᠨᠠᠭ᠎ᠠ ᠪᠠᠨ ᠨᠢᠭᠡᠳᠭᠡᠨ᠂ ᠲᠠᠨᠢᠯᠳᠠ ᠪᠠᠨ ᠬᠦᠨᠵᠡᠭᠡᠶᠢᠷᠡᠭᠦᠯᠵᠤ᠂ ᠴᠢᠭᠯᠡᠯ ᠢᠶᠠᠨ ᠲᠤᠳᠤᠷᠬᠠᠶᠢᠯᠠᠪᠠ᠃      ᠯᠢ ᠵᠢᠢ ᠾᠧᠩ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠪᠤᠯ ᠨᠠᠮ ᠤᠨ ᠨᠢᠭᠡ ᠵᠦᠢᠯ ᠤᠨ ᠲᠦᠢᠯ ᠤᠨ ᠴᠢᠬᠤᠯᠠ ᠠᠵᠢᠯ ᠪᠤᠯᠤᠨ᠎ᠠ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠠᠨ ᠨᠠᠮ ᠤᠨ ᠲᠦᠪ ᠬᠤᠷᠢᠶ᠎ᠠ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠲᠡᠭᠡᠳᠦ ᠬᠡᠮᠵᠢᠶ᠎ᠠ ᠪᠠᠷ ᠬᠦᠨᠳᠦᠳᠭᠡᠵᠤ᠂ ᠳᠡᠭᠦᠨ ᠢ ᠪᠦᠬᠦ ᠠᠵᠢᠯ ᠤᠨ ᠲᠤᠪᠤᠶᠢᠮ᠎ᠠ ᠪᠠᠶᠢᠷᠢᠨ ᠳᠤ ᠲᠠᠯᠪᠢᠨ ᠲᠦᠯᠦᠪᠵᠢᠭᠦᠯᠦᠨ ᠪᠠᠶᠢᠷᠢᠯᠠᠭᠤᠯᠪᠠ᠂ ᠶᠡᠷᠦᠩᠬᠡᠢ ᠱᠦᠵᠢ ᠰᠢ ᠶᠢᠨ ᠫᠢᠩ ᠠᠯᠢ ᠣᠯᠠᠨ ᠴᠢᠬᠤᠯᠠ ᠶᠠᠷᠢᠶ᠎ᠠ ᠲᠠᠯᠪᠢᠵᠤ᠂ ᠰᠢᠨ᠎ᠠ ᠪᠠᠶᠢᠳᠠᠯ ᠲᠤᠤᠷᠠᠬᠢ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠴᠢᠭᠯᠡᠯ ᠤᠨ ᠴᠢᠨᠠᠷ ᠲᠠᠢ᠂ ᠦᠨᠳᠦᠰᠦᠨ ᠴᠢᠨᠠᠷ ᠲᠠᠢ᠂ ᠪᠦᠬᠦ ᠲᠠᠯ᠎ᠠ ᠶᠢᠨ ᠴᠢᠨᠠᠷ ᠲᠠᠢ ᠴᠢᠬᠤᠯᠠ ᠠᠰᠠᠭᠤᠳᠠᠯ ᠳᠤ ᠬᠦᠨᠵᠡᠭᠡᠢ ᠬᠠᠷᠢᠭᠤᠯᠳᠠ ᠦᠭᠴᠤ᠂ ᠪᠢᠳᠡᠡ ᠤ ᠠᠵᠢᠯ ᠢᠶᠠᠨ ᠰᠠᠶᠢᠳᠤᠷ ᠬᠢᠭᠦ ᠳᠤ ᠦᠵᠡᠯ ᠰᠠᠨᠠᠭᠠᠨ ᠤ ᠵᠢᠯᠤᠭᠤᠳᠤᠯᠭ᠎ᠠ ᠪᠠ ᠠᠵᠢᠯᠯᠠᠭᠠᠨ ᠤ ᠵᠦᠭᠯᠡᠭᠦᠷ ᠬᠠᠩᠭᠠᠪᠠ᠃ ︽ᠲᠦᠷᠪᠡᠨ ᠤᠬᠠᠮᠰᠠᠷ︾᠎ ᠢ ᠪᠠᠳᠤ ᠪᠠᠬᠢ ᠪᠤᠢ ᠪᠤᠯᠭᠠᠵᠤ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠲᠤᠬᠠᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠰᠤᠷᠤᠯᠴᠠᠵᠦ ᠬᠡᠷᠡᠭᠯᠡᠬᠦ ᠶᠠᠪᠤᠳᠠᠯ ᠢ ᠴᠢᠨᠠᠬᠰᠢᠳᠠ ᠴᠢᠩᠭᠠᠳᠬᠠᠵᠤ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠴᠢᠬᠤᠯᠠ ᠠᠴᠢ ᠬᠤᠯᠪᠤᠬᠳᠠᠯ ᠤᠨ ᠲᠤᠬᠠᠢ ᠲᠠᠨᠢᠯᠳᠠ ᠪᠠ ᠡᠵᠡᠮᠰᠢᠯ ᠢᠶᠠᠨ ᠴᠢᠨᠠᠬᠰᠢᠳᠠ ᠬᠦᠨᠵᠡᠭᠡᠶᠢᠷᠡᠭᠦᠯᠵᠤ᠂ ᠠᠵᠢᠯ ᠎ ᠢᠶᠠᠨ ᠰᠠᠶᠢᠳᠤᠷ ᠬᠢᠭᠦ ᠬᠠᠷᠢᠭᠤᠴᠠᠯᠭᠠᠳᠦ ᠰᠡᠳᠬᠢᠯᠭᠡ ᠪᠠ ᠪᠠᠴᠢᠮ ᠲᠤᠯᠭᠠᠮ᠎ᠠ ᠰᠡᠳᠬᠢᠯᠭᠡ ᠪᠠᠨ ᠴᠢᠨᠠᠬᠰᠢᠳᠠ ᠴᠢᠩᠭᠠᠷᠠᠭᠤᠯᠤᠨ᠂ ᠦᠪᠡᠷ ᠢᠶᠠᠨ ᠲᠠᠷᠤᠯᠳᠠ ᠦᠭᠴᠤ᠂ ᠰᠠᠨᠠᠭᠠᠴᠢᠯᠠᠭ᠎ᠠ ᠠᠴᠠ ᠪᠠᠨ ᠠᠵᠢᠯᠯᠠᠵᠣ᠂ ᠦᠵᠡᠯ ᠤᠬᠠᠮᠰᠠᠷ ᠎ ᠤᠨ ᠬᠡᠯᠪᠡᠷᠢ ᠶᠢᠨ ᠠᠵᠢᠯ ᠤᠨ ᠴᠢᠳᠠᠪᠤᠷᠢ ᠪᠠ ᠲᠦᠪᠰᠢᠨ ᠢᠶᠠᠨ ᠪᠦᠬᠦ ᠲᠠᠯ᠎ᠠ ᠪᠠᠷ ᠲᠡᠭᠡᠭᠰᠢᠯᠡᠭᠦᠯᠭᠦ ᠬᠡᠷᠡᠭᠳᠡᠢ ᠬᠡᠵᠤ ᠵᠢᠭᠠᠵᠤ ᠭᠠᠷᠭᠠᠪᠠ᠃      ᠯᠢ ᠵᠢᠢ ᠾᠧᠩ᠂ ᠤᠳᠤᠬᠠᠨ ᠪᠠ ᠬᠤᠶᠢᠰᠢᠳᠡ ᠶᠢᠨ ᠨᠢᠭᠡ ᠬᠤᠭᠤᠴᠠᠭᠠᠨ ᠤ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠰᠠᠶᠢᠳᠤᠷ ᠬᠢᠭᠦ ᠳᠤ᠂ ︽ᠲᠠᠪᠤ ᠶᠢ ᠨᠢᠭᠡ ᠴᠤᠬᠴᠠᠵᠢᠭᠤᠯᠬᠤ︾ ᠶᠡᠷᠦᠩᠬᠡᠢ ᠪᠠᠶᠢᠷᠢᠰᠢᠭᠤᠯᠤᠯᠳᠠ ᠶᠢ ᠨᠢᠭᠡᠳᠦᠯᠳᠡᠢ ᠲᠦᠯᠦᠪᠵᠢᠭᠦᠯᠦᠨ ᠠᠬᠢᠭᠤᠯᠬᠤ ᠪᠠ ︽ᠲᠦᠷᠪᠡᠨ ᠪᠦᠬᠦ ᠲᠠᠯ᠎ᠠ︾᠎ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠰᠢᠭᠤᠯᠤᠯᠳᠠ ᠶᠢ ᠵᠤᠬᠢᠴᠠᠭᠤᠯᠣᠨ ᠠᠬᠢᠭᠤᠯᠬᠤ ᠶᠢᠨ ᠲᠤᠭᠤᠷᠢᠨ ᠳᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠢ ᠤᠬᠳᠤᠬᠤ ᠶᠢ ᠤᠬᠠᠭᠤᠯᠣᠨ ᠲᠤᠤᠱᠯᠠᠭᠤᠯᠬᠤ ᠪᠠᠷ ᠭᠤᠤᠯ ᠰᠢᠵᠢᠮ ᠪᠤᠯᠭᠠᠨ᠂ ᠦᠪᠡᠷᠳᠡᠭᠡᠨ ᠵᠠᠰᠠᠬᠤ ᠤᠷᠤᠨ ᠪᠠᠶᠢᠭᠤᠯᠤᠬᠳᠠᠬᠰᠠᠨ 70 ᠵᠢᠯ ᠤᠨ ᠤᠢ ᠶᠢ ᠪᠡᠯᠭᠡᠯᠡᠭᠦ ᠪᠠᠷ ᠭᠤᠤᠯᠳᠠᠯᠭ᠎ᠠ ᠪᠤᠯᠭᠠᠨ᠂ ᠲᠤᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠭᠦᠨᠵᠡᠭᠡᠶᠢᠷᠡᠭᠦᠯᠬᠦ ᠪᠠᠷ ᠲᠤᠬᠢᠶᠠᠯ ᠪᠤᠯᠭᠠᠵᠤ᠂ ᠲᠤᠬᠳᠠᠭᠤᠨ ᠤ ᠲᠤᠮᠳᠠ ᠤᠷᠤᠬᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠳᠠᠯᠠᠨ᠂ ᠠᠷᠠᠳ ᠲᠦᠮᠡᠨ ᠢᠶᠠᠷ ᠭᠤᠤᠯ ᠪᠤᠯᠭᠠᠬᠤ ᠠᠵᠢᠯ ᠤᠨ ᠤᠳᠤᠷᠢᠳᠤᠮᠵᠢ ᠶᠢ ᠪᠠᠷᠢᠮᠳᠠᠯᠠᠨ᠂ ᠵᠦᠪ ᠣᠨᠣᠪᠴᠢᠳᠠᠢ ᠤᠯᠤᠰ ᠲᠦᠷᠦ ᠶᠢᠨ ᠴᠢᠭᠯᠡᠯ᠂ ᠦᠷᠳᠡᠭ ᠤᠨ ᠬᠠᠨᠳᠤᠰᠢ᠂ ᠶᠠᠷᠢᠶ᠎ᠠ ᠬᠡᠯᠡᠯᠴᠡᠭᠡᠨ ᠤ ᠤᠳᠤᠷᠢᠳᠤᠮᠵᠢ ᠶᠢ ᠪᠠᠳᠤ ᠡᠵᠡᠮᠰᠢᠵᠤ᠂ ᠰᠦᠭ ᠰᠦᠨᠡᠰᠦ ᠶᠢ ᠱᠣᠭᠤᠵᠣ ᠬᠦᠴᠦᠨ ᠴᠢᠳᠠᠯ ᠢ ᠨᠢᠭᠳᠠᠷᠠᠭᠤᠯᠬᠤ᠂ ᠰᠠᠭᠤᠷᠢ ᠶᠢ ᠴᠢᠩᠭᠠᠷᠠᠭᠤᠯᠤᠨ ᠦᠨᠳᠦᠰᠦ ᠶᠢ ᠪᠠᠬᠢᠵᠢᠭᠦᠯᠭᠦ᠂ ᠲᠦᠪ ᠰᠤᠷᠳᠠᠯ ᠢ ᠲᠡᠮᠵᠢᠵᠦ ᠭᠠᠵᠢᠭᠤ ᠪᠣᠷᠣᠭᠤ ᠶᠢ ᠠᠷᠢᠯᠭᠠᠬᠤ᠂ ᠮᠠᠭᠤ ᠮᠠᠭᠤᠬᠠᠢ ᠶᠢ ᠮᠠᠭᠤᠰᠢᠶᠠᠨ ᠰᠠᠶᠢᠨ ᠰᠠᠶᠢᠬᠠᠨ ᠢ ᠰᠠᠶᠢᠰᠢᠶᠠᠬᠤ ᠠᠵᠢᠯ ᠢ ᠰᠠᠶᠢᠳᠤᠷ ᠠᠳᠬᠤᠵᠤ᠂ ᠵᠢᠱᠢᠯᠳᠡ ᠶᠢ ᠲᠤᠬᠳᠠᠪᠤᠷᠢᠵᠢᠭᠤᠯᠬᠤ᠂ ᠦᠵᠡᠯ ᠰᠠᠨᠠᠭ᠎ᠠ ᠶᠢ ᠲᠤᠬᠳᠠᠪᠤᠷᠢᠵᠢᠭᠤᠯᠬᠤ᠂ ᠬᠦᠮᠦᠰ ᠤᠨ ᠰᠡᠳᠬᠢᠯ ᠢ ᠲᠤᠬᠳᠠᠪᠤᠷᠢᠵᠢᠭᠤᠯᠬᠤ ᠠᠵᠢᠯ ᠢ ᠰᠠᠶᠢᠳᠤᠷ ᠠᠳᠬᠤᠬᠤ ᠬᠡᠷᠡᠭᠳᠡᠢ᠃ ᠵᠦᠪ ᠲᠠᠯ᠎ᠠ ᠶᠢᠨ ᠤᠬᠠᠭᠤᠯᠭ᠎ᠠ ᠶᠢ ᠴᠢᠩᠭᠠᠳᠬᠠᠵᠤ᠂ ᠰᠡᠷᠡᠮᠵᠢᠯᠡᠭᠦᠯᠬᠦ ᠬᠢᠨᠠᠯᠳᠠ ᠡᠵᠡᠮᠰᠢᠯ ᠢ ᠴᠢᠩᠭᠠᠳᠬᠠᠵᠤ᠂ ᠶᠠᠷᠢᠶ᠎ᠠ ᠬᠡᠯᠡᠯᠴᠡᠭᠡᠨ ᠤ ᠲᠡᠮᠡᠴᠡᠯ ᠢ ᠴᠢᠩᠭᠠᠳᠬᠠᠨ᠂ ᠰᠦᠯᠵᠢᠶᠠᠨ ᠤ ᠠᠮᠤᠷ ᠲᠦᠪᠰᠢᠨ ᠢ ᠴᠢᠩᠭᠠᠳᠬᠠᠵᠤ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠰᠠᠨᠠᠭᠠᠴᠢᠯᠠᠭᠠᠳᠦ ᠡᠷᠭᠡ ᠶᠢ ᠪᠠᠳᠤ ᠡᠵᠡᠮᠰᠢᠵᠤ᠂ ᠤᠳᠤᠬᠢᠴᠢᠯᠠᠬᠰᠠᠨ ᠦᠪᠦᠷ ᠮᠤᠩᠭᠤᠯ ᠢ ᠪᠦᠳᠦᠭᠡᠨ ᠪᠠᠶᠢᠭᠤᠯᠬᠤ ᠪᠠ ᠡᠭᠡ ᠤᠯᠤᠰ ᠤᠨ ᠤᠮᠠᠷᠠᠳᠦ ᠶᠢᠨ ᠦᠵᠡᠰᠭᠦᠯᠡᠩᠳᠦ ᠰᠠᠶᠢᠬᠠᠨ ᠦᠵᠡᠮᠵᠢ ᠶᠢᠨ ᠤᠷᠤᠨ ᠢ ᠴᠤᠬᠴᠠᠯᠠᠬᠤ ᠳᠤ ᠴᠢᠩᠭ᠎ᠠ ᠬᠦᠴᠦᠨ ᠪᠦᠬᠦᠢ ᠦᠵᠠᠯ ᠰᠠᠨᠠᠭ᠎ᠠ ᠶᠠᠷᠢᠶ᠎ᠠ ᠬᠡᠯᠡᠯᠴᠡᠭᠡᠨ ᠤ ᠪᠠᠳᠤᠯᠠᠭ᠎ᠠ ᠬᠠᠩᠭᠠᠬᠤ ᠬᠡᠷᠡᠭᠳᠡᠢ ᠬᠡᠵᠤ ᠴᠢᠬᠤᠯᠠᠴᠢᠯᠠᠪᠠ᠃      ᠯᠢ ᠵᠢᠢ ᠾᠧᠩ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠰᠠᠶᠢᠳᠤᠷ ᠬᠢᠭᠦ ᠳᠤ ᠵᠠᠩᠬᠢᠯᠠᠭ᠎ᠠ ᠨᠢ ᠬᠠᠷᠢᠭᠤᠴᠠᠯᠭ᠎ᠠ ᠶᠢ ᠨᠡᠶᠢᠳᠡᠪᠦᠷᠢᠵᠢᠭᠤᠯᠬᠤ ᠳᠤ ᠪᠤᠢ᠃ ᠡᠯ᠎ᠠ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠤᠯᠤᠰ ᠲᠦᠷᠦ ᠶᠢᠨ ᠬᠠᠷᠢᠭᠤᠴᠠᠯᠭ᠎ᠠ ᠪᠠ ᠤᠳᠤᠷᠢᠳᠤᠯᠭ᠎ᠠ ᠶᠢᠨ ᠬᠠᠷᠢᠭᠤᠴᠠᠯᠭ᠎ᠠ ᠶᠢ ᠦᠨᠡᠨᠬᠦ ᠡᠭᠦᠷᠭᠡᠯᠡᠵᠤ᠂ ᠬᠠᠷᠢᠭᠤᠴᠠᠯᠭ᠎ᠠ ᠶᠢᠨ ᠲᠦᠷᠢᠮ ᠢ ᠴᠢᠩᠭᠠᠷᠠᠭᠤᠯᠤᠨ᠂ ᠬᠠᠷᠢᠭᠤᠴᠠᠯᠭ᠎ᠠ ᠶᠢᠨ ᠬᠡᠯᠬᠢᠶ᠎ᠠ ᠶᠢ ᠲᠡᠭᠦᠯᠳᠡᠷᠵᠢᠭᠦᠯᠵᠤ᠂ ᠭᠤᠤᠯ ᠴᠤᠬᠴᠠ ᠶᠢᠨ ᠬᠠᠷᠢᠭᠤᠴᠠᠯᠭ᠎ᠠ ᠪᠠᠨ ᠬᠢᠨᠠᠮᠠᠭᠠᠢ ᠬᠦᠢᠴᠡᠳᠭᠡᠵᠤ᠂ ᠠᠵᠢᠯ ᠤᠨ ᠬᠠᠮᠳᠤᠷᠠᠯ ᠬᠦᠴᠦᠨ ᠢ ᠪᠦᠳᠦᠮᠵᠢᠳᠡᠢ ᠨᠢᠬᠳᠠᠷᠠᠭᠤᠯᠵᠤ᠂ ᠵᠢᠭᠰᠠᠭᠠᠯ ᠤᠨ ᠭᠠᠵᠠᠷ ᠤᠨ ᠬᠠᠮᠢᠶᠠᠷᠤᠯᠳᠠ ᠶᠢ ᠪᠦᠬᠦ ᠲᠠᠯ᠎ᠠ ᠪᠠᠷ ᠴᠢᠩᠭᠠᠳᠬᠠᠵᠣ᠂ ᠦᠨᠳᠦᠰᠦᠨ ᠱᠠᠳᠤᠨ ᠤ ᠰᠠᠭᠤᠷᠢ ᠶᠢ ᠬᠦᠴᠦᠯᠡᠨ ᠪᠠᠬᠢᠵᠢᠭᠦᠯᠵᠤ᠂ ᠮᠠᠨ ᠤ ᠤᠷᠤᠨ ᠤ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠪᠦᠬᠦ ᠲᠠᠯ᠎ᠠ ᠪᠠᠷ ᠴᠢᠩᠭᠠᠷᠠᠵᠣ᠂ ᠪᠦᠬᠦ ᠲᠠᠯ᠎ᠠ ᠪᠠᠷ ᠬᠦᠴᠦᠨ ᠲᠠᠢ ᠪᠠᠶᠢᠬᠤ ᠶᠠᠪᠤᠳᠠᠯ ᠢ ᠠᠬᠢᠭᠤᠯᠬᠤ ᠬᠡᠷᠡᠭᠳᠡᠢ᠃ ᠡᠯ᠎ᠠ ᠱᠠᠳᠤᠨ ᠤ ᠤᠳᠤᠷᠢᠳᠬᠤ ᠺᠠᠳ᠋ᠷᠴᠤᠳ ᠤᠯᠤᠰ ᠲᠦᠷᠦ ᠶᠢ ᠡᠷᠬᠢᠮᠯᠡᠨ᠂ ᠦᠨᠡᠨᠴᠢ ᠰᠢᠳᠤᠷᠭᠤ ᠶᠢ ᠡᠷᠬᠢᠮᠯᠡᠨ᠂ ᠬᠠᠷᠢᠭᠤᠴᠠᠯᠭ᠎ᠠ ᠡᠭᠦᠷᠬᠡᠯᠡᠯ ᠢ ᠡᠷᠬᠢᠮᠯᠡᠵᠤ᠂ ᠤᠳᠤᠷᠢᠳᠤᠯᠭ᠎ᠠ ᠶᠢᠨ ᠬᠠᠷᠢᠭᠤᠴᠠᠯᠭ᠎ᠠ ᠪᠠᠨ ᠰᠠᠶᠢᠳᠤᠷ ᠬᠦᠢᠴᠡᠳᠭᠡᠵᠤ᠂ ᠵᠠᠩᠬᠢᠯᠠᠭ᠎ᠠ ᠶᠢᠨ ᠦᠢᠯᠡᠳᠦᠯ ᠢᠶᠠᠨ ᠰᠠᠶᠢᠳᠤᠷ ᠪᠠᠳᠠᠷᠠᠭᠤᠯᠬᠤ ᠬᠡᠷᠡᠭᠳᠡᠢ ᠬᠡᠵᠤ ᠴᠢᠬᠤᠯᠠᠴᠢᠯᠠᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号