ᠬᠥᠬᠡᠬᠤᠲᠠ ᠪᠣᠭᠤᠮᠲᠠ ᠶᠢᠨ ᠮᠡᠳᠡᠭᠡᠯᠡᠯ ᠢ ᠦᠨᠳᠦᠰᠦᠯᠡᠪᠡᠯ᠂ 7 ᠳ᠋ᠤᠭᠠᠷ ᠰᠠᠷ᠎ᠠ ᠶᠢᠨ 1 ᠤ ᠡᠳᠦᠷ ᠠᠴᠠ | ᠡᠬᠢᠯᠡᠨ ᠪᠣᠭᠤᠮᠲᠠ ᠪᠠᠷ ᠥᠩᠭᠡᠷᠡᠭᠦᠯᠬᠦ ᠶᠢ ᠨᠢᠭᠡ ᠴᠤᠭᠴᠠᠵᠢᠭᠤᠯᠬᠤ ᠶᠢ ᠪᠦᠬᠦ ᠤᠯᠤᠰ ᠲᠤ ᠬᠡᠷᠡᠭᠵᠢᠭᠦᠯᠵᠦ᠂ ᠥᠪᠥᠷ | ᠮᠣᠩᠭᠤᠯ ᠤᠨ ᠭᠠᠳᠠᠭᠠᠳᠤ ᠠᠷᠠᠯᠵᠢᠶᠠᠨ ᠤ ᠣᠷᠤᠭᠤᠯᠤᠯᠲᠠ ᠭᠠᠷᠭᠠᠯᠲᠠ ᠶᠢᠨ ᠠᠵᠤ ᠠᠬᠤᠶᠢᠯᠠᠯ ᠪᠦᠬᠦ ᠤᠯᠤᠰ ᠤᠨ | ᠠᠯᠢ ᠨᠢᠭᠡᠨ ᠪᠣᠭᠤᠮᠲᠠ ᠳᠤ ᠭᠤᠶᠤᠴᠢᠯᠠᠬᠤ᠂ ᠭᠠᠶᠢᠯᠢ ᠲᠤᠰᠢᠶᠠᠬᠤ ᠵᠡᠷᠭᠡ ᠪᠣᠭᠤᠮᠲᠠ ᠶᠢᠨ ᠭᠠᠷᠳᠠᠮ ᠢᠶᠠᠨ | ᠭᠦᠢᠴᠡᠳᠬᠡᠵᠦ ᠪᠣᠯᠬᠤ ᠪᠣᠯᠵᠤ᠂ ᠭᠤᠶᠤᠴᠢᠯᠠᠯ ᠢ ᠨᠡᠩ ᠴᠢᠯᠥᠭᠡᠲᠡᠶ ᠪᠣᠯᠭᠠᠨ᠂ ᠭᠠᠷᠳᠠᠮ ᠢ ᠨᠡᠩ ᠳᠥᠭᠦᠮ | ᠠᠪᠰᠠᠷᠬᠠᠨ ᠪᠣᠯᠭᠠᠵᠤ᠂ ᠪᠣᠭᠤᠮᠲᠠ ᠦᠩᠭᠡᠷᠡᠬᠦ ᠶᠢ ᠨᠡᠩ ᠰᠢᠭᠤᠳ ᠰᠢᠯᠤᠭᠤᠨ ᠪᠣᠯᠭᠠᠪᠠ᠃ | ᠣᠶᠢᠯᠠᠭᠠᠭᠰᠠᠨ ᠢᠶᠠᠷ᠂ ᠨᠢᠳᠤᠨᠤᠨ ᠤ ᠵᠢᠷᠭᠤᠳᠤᠭᠠᠷ ᠰᠠᠷ᠎ᠠ ᠳᠤ ᠪᠣᠭᠤᠮᠲᠠ ᠶᠢᠨ ᠶᠡᠷᠦᠩᠬᠡᠶ ᠵᠠᠬᠢᠷᠭ᠎ᠠ ᠪᠦᠬᠦ | ᠤᠯᠤᠰ ᠤᠨ ᠪᠣᠭᠤᠮᠲᠠ ᠶᠢᠨ ᠪᠣᠭᠤᠮᠲᠠ ᠪᠠᠷ ᠥᠩᠭᠡᠷᠡᠭᠦᠯᠬᠦ ᠶᠢ ᠨᠢᠭᠡ ᠴᠤᠭᠴᠠᠵᠢᠭᠤᠯᠬᠤ ᠲᠤᠷᠰᠢᠯᠲᠠ ᠬᠢᠵᠦ᠂ ᠡᠨᠡ | ᠵᠢᠯ ᠤᠨ 4 ᠳ᠋ᠦ᠋ᠭᠡᠷ ᠰᠠᠷ᠎ᠠ ᠳᠤ ᠡᠨᠡ ᠬᠦ ᠮᠠᠶ᠋ᠢᠭ ᠢᠶᠠᠷ ᠪᠣᠭᠤᠮᠲᠠ ᠳᠤ ᠮᠡᠳᠡᠭᠦᠯᠬᠦ ᠬᠠᠭᠤᠳᠠᠰᠤ ᠨᠢ ᠨᠢᠭᠡᠨᠲᠡ ᠪᠦᠬᠦ | ᠤᠯᠤᠰ ᠤᠨ ᠭᠠᠳᠠᠭᠠᠳᠤ ᠣᠷᠤᠭᠤᠯᠤᠯᠲᠠ ᠶᠢᠨ ᠪᠣᠭᠤᠮᠲᠠ ᠳᠤ ᠮᠡᠳᠡᠭᠦᠯᠬᠦ ᠬᠠᠭᠤᠳᠠᠰᠤ ᠶᠢᠨ ᠶᠡᠷᠦᠩᠬᠡᠶ ᠬᠡᠮᠵᠢᠶᠡᠨ ᠤ | 50% ᠶᠢ ᠡᠵᠡᠯᠡᠵᠦ᠂ ᠪᠣᠭᠤᠮᠲᠠ ᠪᠠᠷ ᠥᠩᠭᠡᠷᠡᠭᠦᠯᠬᠦ ᠬᠤᠷᠳᠤᠴᠠ ᠪᠣᠯᠣᠨ ᠦᠷ᠎ᠡ ᠪᠦᠲᠦᠮᠵᠢ ᠵᠡᠷᠭᠡ ᠶᠢ ᠢᠯᠡᠳᠲᠡ | ᠳᠡᠭᠡᠭᠰᠢᠯᠡᠭᠦᠯᠪᠡ᠃ ᠡᠨᠡ ᠵᠢᠯ ᠤᠨ 7 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ᠂ ᠪᠦᠬᠦ ᠤᠯᠤᠰ ᠤᠨ | ᠪᠣᠭᠤᠮᠲᠠ ᠶᠢᠨ ᠪᠣᠭᠤᠮᠲᠠ ᠪᠠᠷ ᠥᠩᠭᠡᠷᠡᠭᠦᠯᠬᠦ ᠶᠢ ᠨᠢᠭᠡ ᠴᠤᠭᠴᠠᠵᠢᠭᠤᠯᠬᠤ ᠨᠢ ᠭᠠᠳᠠᠭᠠᠳᠤ ᠣᠷᠤᠭᠤᠯᠤᠯᠲᠠ ᠶᠢᠨ | ᠬᠦᠷᠢᠶ᠎ᠡ ᠶᠢ ᠪᠦᠷᠢᠨ ᠬᠠᠮᠤᠷᠴᠤ᠂ ᠪᠦᠬᠦ ᠤᠯᠤᠰ ᠤᠨ ᠪᠣᠭᠤᠮᠲᠠ ᠶᠢᠨ ᠪᠤᠢ ᠪᠦᠬᠦᠢ ᠲᠡᠭᠡᠭᠡᠪᠦᠷᠢ ᠶᠢᠨ ᠠᠷᠭ᠎ᠠ | ᠮᠠᠶ᠋ᠢᠭ ᠢᠶᠠᠷ ᠭᠠᠳᠠᠭᠠᠳᠤ ᠠᠴᠠ ᠣᠷᠤᠭᠤᠯᠬᠤ ᠲᠠᠸᠠᠷ ᠪᠦᠬᠦᠨ ᠳᠤ ︽ᠨᠢᠭᠡ ᠯᠡ ᠤᠳᠠᠭ᠎ᠠ ᠮᠡᠳᠡᠭᠦᠯᠬᠦ᠂ ᠠᠯᠬᠤᠮ | ᠬᠤᠪᠢᠶᠠᠨ ᠰᠢᠶᠳᠪᠦᠷᠢᠯᠡᠬᠦ︾ ᠪᠣᠭᠤᠮᠲᠠ ᠪᠠᠷ ᠥᠩᠭᠡᠷᠡᠭᠦᠯᠬᠦ ᠠᠵᠢᠯ ᠤᠨ ᠴᠤᠪᠤᠷᠠᠯ ᠪᠣᠯᠣᠨ ᠠᠵᠤ ᠠᠬᠤᠶᠢᠯᠠᠯ | ᠭᠠᠶᠢᠯᠢ ᠲᠠᠲᠠᠪᠤᠷᠢ ᠪᠠᠨ ᠦᠪᠡᠷᠲᠡᠭᠡᠨ ᠮᠡᠳᠡᠭᠦᠯᠦᠨ ᠦᠪᠡᠷᠲᠡᠭᠡᠨ ᠲᠤᠰᠢᠶᠠᠬᠤ᠂ ᠪᠣᠭᠤᠮᠲᠠ ᠠᠴᠠ ᠭᠠᠶᠢᠯᠢ | ᠲᠠᠲᠠᠪᠤᠷᠢ ᠶᠢ ᠲᠠᠲᠠᠪᠤᠷᠢᠯᠠᠨ ᠬᠠᠮᠢᠶᠠᠷᠬᠤ ᠴᠢᠬᠤᠯᠠ ᠡᠯᠧᠮᠧᠨ᠋ᠲ ᠶᠢ ᠰᠡᠭᠦᠯᠡᠷ ᠨᠢ ᠬᠢᠨᠠᠨ ᠬᠠᠷᠭᠤᠭᠤᠯᠬᠤ ᠵᠡᠷᠭᠡ | ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠠᠪᠴᠠᠢ᠃ | ᠪᠦᠬᠦ ᠤᠯᠤᠰ ᠤᠨ ᠪᠣᠭᠤᠮᠲᠠ ᠨᠢ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠲᠥᠪ ᠪᠣᠯᠣᠨ ᠭᠠᠶᠢᠯᠢ | ᠲᠠᠲᠠᠪᠤᠷᠢ ᠶᠢᠨ ᠲᠠᠲᠠᠪᠤᠷᠢᠯᠠᠯᠲᠠ ᠬᠠᠮᠢᠶᠠᠷᠤᠯᠲᠠ ᠶᠢᠨ ᠲᠥᠪ ᠢ ᠪᠠᠶᠢᠭᠤᠯᠵᠤ᠂ ᠪᠦᠬᠦ ᠤᠯᠤᠰ ᠤᠨ ᠪᠣᠭᠤᠮᠲᠠ ᠶᠢᠨ | ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ᠂ ᠭᠠᠶᠢᠯᠢ ᠲᠠᠲᠠᠪᠤᠷᠢ ᠶᠢ ᠲᠠᠲᠠᠪᠤᠷᠢᠯᠠᠨ ᠬᠠᠮᠢᠶᠠᠷᠬᠤ ᠵᠡᠷᠭᠡ | ᠵᠠᠩᠭᠢᠯᠠᠭ᠎ᠠ ᠶᠢᠨ ᠲᠤᠬᠠᠶᠢᠯᠠᠭᠰᠠᠨ ᠠᠵᠢᠯ ᠢ ᠲᠥᠪᠯᠡᠷᠡᠩᠭᠦᠢ᠂ ᠨᠢᠭᠡᠳᠦᠯᠲᠡᠶ᠂ ᠣᠶᠤᠨᠴᠢ ᠪᠠᠷ ᠰᠢᠢᠳᠪᠦᠷᠢᠯᠡᠵᠡᠢ᠃ | ᠥᠷᠭᠡᠨ ᠤᠯᠠᠨ ᠠᠵᠤ ᠠᠬᠤᠶᠢᠯᠠᠯ ᠳᠤ ᠠᠪᠴᠤ ᠬᠡᠯᠡᠪᠡᠯ᠂ ᠠᠯᠢ ᠪᠣᠭᠤᠮᠲᠠ ᠪᠠᠷ ᠦᠩᠭᠡᠷᠡᠭᠰᠡᠨ ᠴᠦ ᠲᠡᠷᠡ᠂ ᠪᠦᠬᠦ | ᠤᠯᠤᠰ ᠤᠨ ᠪᠣᠭᠤᠮᠲᠠ ᠨᠢ ᠴᠥᠮ ᠨᠢᠭᠡᠳᠦᠯᠲᠡᠶ ᠬᠠᠤᠯᠢ ᠬᠡᠷᠡᠭᠵᠢᠭᠦᠯᠬᠦ ᠪᠠ ᠬᠢᠨᠠᠨ ᠬᠠᠮᠢᠶᠠᠷᠬᠤ ᠪᠠᠷᠢᠮᠵᠢᠶ᠎ᠠ ᠲᠠᠢ | ᠪᠠᠶᠢᠵᠤ᠂ ᠠᠵᠤ ᠠᠬᠤᠶᠢᠯᠠᠯ ᠳᠤ ᠨᠢᠭᠡᠳᠦᠯᠲᠡᠢ ᠪᠣᠭᠤᠮᠲᠠ ᠪᠠᠷ ᠥᠩᠭᠡᠷᠡᠬᠦ ᠳᠦᠭᠦᠮ ᠳᠥᠲᠡ ᠬᠠᠷᠠᠭᠠᠯᠵᠠᠯ ᠬᠦᠷᠲᠡᠭᠡᠬᠦ | ᠪᠣᠯᠣᠨ᠎ᠠ᠃ ᠪᠣᠭᠤᠮᠲᠠ ᠥᠩᠭᠡᠷᠡᠬᠦ ᠭᠤᠭᠴᠤᠭ᠎ᠠ ᠶᠢ ᠰᠢᠯᠢᠳᠡᠭᠵᠢᠭᠦᠯᠦᠨ᠂ ︽ᠨᠢᠭᠡ ᠯᠡ ᠤᠳᠠᠭ᠎ᠠ ᠮᠡᠳᠡᠭᠦᠯᠬᠦ᠂ | ᠠᠯᠬᠤᠮ ᠬᠤᠪᠢᠶᠠᠨ ᠰᠢᠶᠳᠪᠦᠷᠢᠯᠡᠬᠦ︾ ᠶᠢ ᠬᠡᠷᠡᠭᠵᠢᠭᠦᠯᠦᠨ᠎ᠡ᠃ ᠠᠵᠤ ᠠᠬᠤᠶᠢᠯᠠᠯ ᠨᠢ ᠡᠳ᠋ ᠪᠠᠷᠠᠭ᠎ᠠ ᠪᠠᠨ | ᠪᠣᠭᠤᠮᠲᠠ ᠪᠠᠷ ᠥᠩᠭᠡᠷᠡᠭᠦᠯᠬᠦ ᠳᠤ ᠨᠢᠭᠡᠯᠠ ᠤᠳᠠᠭ᠎ᠠ ᠮᠡᠳᠡᠭᠦᠯᠵᠦ᠂ ᠪᠣᠭᠤᠮᠲᠠ ᠨᠢ ᠡᠳ᠋ ᠪᠠᠷᠠᠭ᠎ᠠ ᠶᠢ ᠨᠢ | ᠶᠠᠪᠤᠭᠤᠯᠬᠤ ᠠᠴᠠ ᠡᠮᠦᠨ᠎ᠡ᠂ ᠬᠤᠶᠢᠨ᠎ᠠ ᠬᠤᠶᠠᠷ ᠠᠯᠬᠤᠮ ᠬᠤᠪᠢᠶᠠᠨ ᠰᠢᠢᠳᠪᠦᠷᠢᠯᠡᠨ᠎ᠡ᠂ ᠲᠤᠬᠠᠶᠢᠯᠠᠪᠠᠯ ᠪᠣᠭᠤᠮᠲᠠ | ᠨᠢ ᠠᠮᠤᠷ ᠲᠦᠪᠰᠢᠨ ᠤ ᠵᠥᠪᠰᠢᠶᠡᠷᠡᠯ ᠣᠯᠭᠤᠬᠤ ᠶᠢ ᠰᠢᠢᠳᠪᠦᠷᠢᠯᠡᠵᠦ᠂ ᠡᠳ᠋ ᠪᠠᠷᠠᠭ᠎ᠠ ᠶᠢᠨ ᠠᠶᠤᠯ ᠦᠭᠡᠢ ᠶᠢ | ᠨᠤᠲᠠᠯᠠᠭᠰᠠᠨ ᠤ ᠳᠠᠷᠠᠭ᠎ᠠ᠂ ᠤᠷᠢᠳᠠᠪᠠᠷ ᠶᠠᠪᠤᠭᠤᠯᠤᠨ᠎ᠠ︔ ᠡᠳ᠋ ᠪᠠᠷᠠᠭ᠎ᠠ ᠶᠢ ᠶᠠᠪᠤᠭᠤᠯᠤᠭᠰᠠᠨ ᠤ ᠲᠡᠷᠠᠭ᠎ᠠ᠂ ᠳᠠᠬᠢᠨᠲᠠ | ᠬᠠᠷᠢᠶ᠎ᠠ ᠭᠠᠵᠠᠷ ᠤᠨ ᠪᠣᠭᠤᠮᠲᠠ ᠨᠢ ᠭᠠᠶᠢᠯᠢ ᠲᠠᠲᠠᠪᠤᠷᠢ ᠶᠢᠨ ᠵᠠᠯᠭᠠᠮᠵᠢ ᠬᠠᠮᠢᠶᠠᠷᠤᠯᠲᠠ ᠶᠢ ᠬᠡᠷᠡᠭᠵᠢᠭᠦᠯᠦᠨ᠎ᠡ᠃ | ᠭᠠᠶᠢᠯᠢ ᠲᠠᠲᠠᠪᠤᠷᠢ ᠶᠢᠨ ᠬᠠᠮᠢᠶᠠᠷᠤᠯᠲᠠ ᠶᠢᠨ ᠠᠷᠭ᠎ᠠ ᠮᠠᠶ᠋ᠢᠭ ᠳᠤ ᠴᠦ ᠪᠠᠭ᠎ᠠ ᠪᠤᠰᠤ ᠬᠤᠪᠢᠷᠠᠯᠲᠠ ᠭᠠᠷᠴᠠᠢ᠃ | ᠡᠳ᠋ ᠪᠠᠷᠠᠭ᠎ᠠ ᠶᠢ ᠪᠣᠭᠤᠮᠲᠠ ᠪᠠᠷ ᠦᠩᠭᠡᠷᠡᠭᠦᠯᠬᠦ ᠭᠤᠭᠴᠤᠭ᠎ᠠ ᠳᠤ᠂ ᠥᠩᠭᠡᠷᠡᠭᠰᠡᠨ ᠳᠤ ᠠᠵᠤ ᠠᠬᠤᠶᠢᠯᠠᠯ ᠤᠨ | ᠭᠤᠶᠤᠴᠢᠯᠠᠨ ᠮᠡᠳᠡᠭᠦᠯᠦᠭᠰᠡᠨ ᠭᠠᠶᠢᠯᠢ ᠲᠠᠲᠠᠪᠤᠷᠢ ᠶᠢᠨ ᠴᠢᠬᠤᠯᠠ ᠡᠯᠧᠮᠧᠨ᠋ᠲ ᠶᠢ ᠪᠣᠭᠤᠮᠲᠠ ᠬᠢᠨᠠᠨ ᠪᠠᠶᠢᠴᠠᠭᠠᠵᠤ | ᠨᠤᠲᠠᠯᠠᠬᠤ᠂ ᠠᠵᠤ ᠠᠬᠤᠶᠢᠯᠠᠯ ᠤᠨ ᠲᠤᠰᠢᠶᠠᠬᠤ ᠶᠣᠰᠣᠲᠠᠶ ᠭᠠᠶᠢᠯᠢ ᠶᠢᠨ ᠮᠥᠩᠭᠦ ᠶᠢ ᠪᠣᠭᠤᠮᠲᠠ ᠬᠢᠨᠠᠨ | ᠲᠣᠭᠲᠠᠭᠠᠬᠤ ᠪᠠᠶᠢᠭᠰᠠᠨ ᠢ ᠨᠢ ᠠᠵᠤ ᠠᠬᠤᠶᠢᠯᠠᠯ ᠭᠠᠶᠢᠯᠢ ᠲᠠᠲᠠᠪᠤᠷᠢ ᠶᠢᠨ ᠴᠢᠬᠤᠯᠠ ᠡᠯᠧᠮᠧᠨ᠋ᠲ ᠢᠶᠠᠨ ᠥᠪᠡᠰᠦᠪᠡᠨ | ᠮᠡᠳᠡᠭᠦᠯᠵᠦ᠂ ᠥᠪᠡᠰᠦᠪᠡᠨ ᠬᠢᠨᠠᠨ ᠪᠣᠳᠣᠬᠤ ᠪᠦᠭᠡᠳ ᠭᠠᠶᠢᠯᠢ ᠶᠢᠨ ᠮᠦᠩᠭᠦ ᠪᠠᠨ ᠲᠤᠰᠢᠶᠠᠵᠤ᠂ ᠪᠣᠭᠤᠮᠲᠠ | ᠬᠦᠯᠢᠶᠡᠨ ᠠᠪᠴᠤ ᠰᠢᠢᠳᠪᠦᠷᠢᠯᠡᠭᠰᠡᠨ ᠤ ᠳᠠᠷᠠᠭ᠎ᠠ ᠡᠳ᠋ ᠪᠠᠷᠠᠭ᠎ᠠ ᠶᠢ ᠨᠢ ᠶᠠᠪᠤᠭᠤᠯᠵᠤ᠂ ᠪᠦᠬᠦ ᠶᠠᠪᠤᠴᠠ ᠳᠤ | ᠰᠤᠭᠤᠴᠠᠨ ᠪᠠᠶᠢᠴᠠᠭᠠᠵᠤ ᠬᠢᠨᠠᠨ ᠬᠠᠷᠭᠤᠭᠤᠯᠬᠤ ᠪᠣᠯᠭᠠᠨ ᠬᠤᠪᠢᠷᠠᠭᠤᠯᠵᠠᠢ᠃ ᠡ᠊ᠨᠡ ᠬᠦ ᠥᠭᠡᠷᠡᠴᠢᠯᠡᠯᠲᠡ ᠶᠢᠨ | ᠠᠷᠭ᠎ᠠ ᠬᠡᠮᠵᠢᠶ᠎ᠡ ᠨᠢ ᠡᠳ᠋ ᠪᠠᠷᠠᠭ᠎ᠠ ᠶᠢᠨ ᠪᠣᠭᠤᠮᠲᠠ ᠦᠩᠭᠡᠷᠡᠬᠦ ᠴᠠᠭ ᠬᠤᠭᠤᠴᠠᠭ᠎ᠠ ᠶᠢ ᠶᠡᠭᠡ ᠪᠠᠷ ᠪᠣᠭᠤᠨᠢᠰᠬᠠᠵᠤ᠂ | ᠠᠵᠤ ᠠᠬᠤᠶᠢᠯᠠᠯ ᠤᠨ ᠪᠣᠭᠤᠮᠲᠠ ᠪᠠᠷ ᠦᠩᠭᠡᠷᠡᠭᠦᠯᠬᠦ ᠥᠪᠡᠷ ᠤᠨ ᠥᠷᠲᠡᠭ ᠢ ᠪᠠᠭᠤᠷᠠᠭᠤᠯᠤᠨ᠂ ᠪᠣᠭᠤᠮᠲᠠ | ᠦᠩᠭᠡᠷᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠪᠡ᠃ | ᠡᠨᠡ ᠤᠳᠠᠭᠠᠨ ᠤ ᠥᠭᠡᠷᠡᠴᠢᠯᠡᠯᠲᠡ ᠨᠢ ᠥᠪᠥᠷ ᠮᠣᠩᠭᠤᠯ ᠤᠨ ᠭᠠᠳᠠᠭᠠᠳᠤ ᠣᠷᠤᠭᠤᠯᠤᠯᠲᠠ ᠭᠠᠷᠭᠠᠯᠲᠠ ᠶᠢᠨ | ᠠᠵᠤ ᠠᠬᠤᠶᠢᠯᠠᠯ ᠳᠤ ᠭᠤᠷᠪᠠᠨ ᠶᠡᠭᠡ ᠴᠡᠪᠡᠷ ᠠᠰᠢᠭ ᠬᠦᠷᠲᠡᠭᠡᠪᠡ᠄ ᠨᠢᠭᠡ ᠳᠤ ᠪᠦᠬᠦ ᠤᠯᠤᠰ ᠤᠨ ᠠᠯᠢ ᠨᠢᠭᠡᠨ | ᠭᠠᠵᠠᠷ ᠢ ᠰᠤᠩᠭᠤᠨ ᠪᠣᠭᠤᠮᠲᠠ ᠳᠤ ᠮᠡᠳᠡᠭᠦᠯᠬᠦ ᠪᠣᠯᠵᠤ᠂ ᠭᠤᠶᠤᠴᠢᠯᠠᠨ ᠮᠡᠳᠡᠭᠦᠯᠬᠦ ᠪᠣᠭᠤᠮᠲᠠ ᠣᠷᠣᠨ ᠤ | ᠬᠤᠷᠢᠭ᠎ᠠ ᠶᠢ ᠲᠠᠶᠢᠯᠪᠠ︔ ᠬᠤᠶᠠᠷ ᠲᠤ ᠪᠣᠭᠤᠮᠲᠠ ᠶᠢᠨ ᠬᠠᠤᠯᠢ ᠬᠡᠷᠡᠭᠵᠢᠭᠦᠯᠦᠯᠲᠡ ᠨᠢ ᠨᠡᠩ ᠨᠢᠭᠡᠳᠦᠯᠲᠡᠢ ᠪᠣᠯᠵᠤ᠂ | ︽ᠬᠤᠶᠠᠷ ᠲᠥᠪ︾ ᠤᠨ ᠰᠢᠢᠳᠪᠦᠷᠢᠯᠡᠯᠲᠡ ᠳᠣᠣᠷ᠎ᠠ᠂ ᠪᠦᠬᠦ ᠤᠯᠤᠰ ᠤᠨ ᠪᠣᠭᠤᠮᠲᠠ ᠦᠩᠭᠡᠷᠡᠬᠦ ᠲᠦᠷᠦ ᠶᠢᠨ | ᠪᠤᠳᠤᠯᠭ᠎ᠠ ᠪᠣᠯᠣᠨ ᠲᠦᠷᠢᠮ ᠲᠣᠭᠲᠠᠭᠠᠯ ᠢ ᠬᠡᠷᠡᠭᠵᠢᠭᠦᠯᠬᠦ ᠪᠠᠷᠢᠮᠵᠢᠶ᠎ᠠ ᠶᠢᠨ ᠲᠠᠯ᠎ᠠ ᠪᠠᠷ ᠨᠡᠩ ᠨᠢᠭᠡᠳᠦᠯᠲᠡᠢ ᠪᠣᠯᠭᠠᠪᠠ︔ | ᠭᠤᠷᠪᠠ ᠳᠤ ᠦᠷ᠎ᠡ ᠪᠦᠲᠦᠮᠵᠢ ᠶᠢ ᠶᠡᠬᠡᠪᠡᠷ ᠳᠡᠭᠡᠭᠰᠢᠯᠡᠭᠦᠯᠵᠦ᠂ ᠪᠣᠭᠤᠮᠲᠠ ᠪᠠᠷ ᠥᠩᠭᠡᠷᠡᠬᠦ ᠭᠤᠭᠴᠤᠭ᠎ᠠ ᠶᠢᠨ | ᠭᠠᠷᠳᠠᠮ ᠢ ᠳᠦᠭᠦᠮᠴᠢᠯᠡᠨ᠂ ᠪᠣᠭᠤᠮᠲᠠ ᠪᠠᠷ ᠥᠩᠭᠡᠷᠡᠬᠦ ᠴᠠᠭ ᠢ ᠪᠣᠭᠤᠨᠢᠰᠬᠠᠪᠠ᠃ |