7 ᠳ᠋ᠤᠭᠠᠷ ᠰᠠᠷ᠎ᠠ ᠶᠢᠨ 4 ᠤ ᠡᠳᠤᠷ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠤᠭᠤᠷᠢᠨ | ᠪᠠᠶᠢᠴᠠᠭᠠᠵᠤ ᠴᠡᠭᠴᠡᠯᠠᠨ ᠰᠠᠶᠢᠵᠢᠷᠠᠭᠤᠯᠬᠤ ᠠᠵᠢᠯ ᠤᠨ ᠤᠳᠤᠷᠢᠳᠬᠤ ᠲᠤᠭᠤᠶᠢᠯᠠᠩ ᠤᠨ ᠠᠯᠪᠠᠨ ᠬᠡᠷ ᠭᠠᠷᠠᠬ ᠤᠨ | ᠵᠣᠬᠢᠴᠠᠭᠤᠯᠬᠤ ᠬᠤᠷᠠᠯ ᠬᠤᠷᠠᠯᠳᠤᠭᠤᠯᠵᠤ᠂ ᠲᠦᠪ ᠤᠨ ᠬᠤᠶᠠᠳᠤᠭᠠᠷ ᠲᠤᠭᠤᠷᠢᠨ ᠪᠠᠶᠢᠴᠠᠭᠠᠬᠤ ᠲᠤᠭᠤᠶᠢᠯᠠᠩ ᠤᠨ | ᠲᠤᠭᠤᠷᠢᠨ ᠪᠠᠶᠢᠴᠠᠭᠠᠵᠤ ︽ᠡᠷᠬᠢᠵᠤ ᠬᠠᠷᠠᠬᠤ︾ ᠳᠤ ᠬᠠᠷᠢᠭᠤ ᠲᠤᠰᠬᠠᠬᠰᠠᠨ ᠰᠠᠨᠠᠯ ᠢᠶᠠᠷ ᠴᠡᠭᠴᠡᠯᠠᠨ | ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠠᠵᠢᠯ ᠢ ᠠᠬᠢᠭᠤᠯᠬᠤ ᠳᠤ ᠲᠤᠰᠬᠠᠢ ᠲᠤᠬᠢᠷᠠᠭᠤᠯᠤᠯᠳᠠ ᠬᠢᠪᠠ᠃ | ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ᠂ ᠤᠯᠤᠰ ᠲᠦᠷᠤ ᠬᠠᠤᠯᠢ ᠴᠠᠭᠠᠵᠠ | ᠶᠢᠨ ᠬᠤᠷᠢᠶ᠎ᠠ ᠶᠢᠨ ᠱᠦᠵᠢ᠂ ᠲᠤᠭᠤᠷᠢᠨ ᠪᠠᠶᠢᠴᠠᠭᠠᠵᠤ ᠴᠡᠭᠴᠡᠯᠠᠨ ᠰᠠᠶᠢᠵᠢᠷᠠᠭᠤᠯᠬᠤ ᠠᠵᠢᠯ ᠤᠨ ᠤᠳᠤᠷᠢᠳᠬᠤ | ᠲᠤᠭᠤᠶᠢᠯᠠᠩ ᠤᠨ ᠲᠡᠳ᠋ ᠲᠠᠷᠤᠭ᠎ᠠ᠂ ᠠᠯᠪᠠᠨ ᠬᠡᠷ ᠤᠨ ᠡᠷᠬᠢᠯᠡᠭᠴᠢ ᠯᠢ ᠵᠢᠶᠠ ᠬᠤᠷᠠᠯ ᠳᠤ ᠤᠷᠤᠯᠴᠠᠨ ᠶᠡᠷᠢᠶ᠎ᠠ | ᠲᠠᠯᠪᠢᠵᠤ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠡᠰᠢᠬᠦᠨ᠂ ᠨᠠᠷᠢᠨ ᠪᠢᠴᠢᠭ | ᠤᠨ ᠲᠠᠷᠤᠭ᠎ᠠ᠂ ᠲᠤᠭᠤᠷᠢᠨ ᠪᠠᠶᠢᠴᠠᠭᠠᠵᠤ ᠴᠡᠭᠴᠡᠯᠠᠨ ᠰᠠᠶᠢᠵᠢᠷᠠᠭᠤᠯᠬᠤ ᠠᠵᠢᠯ ᠤᠨ ᠤᠳᠤᠷᠢᠳᠬᠤ ᠲᠤᠭᠤᠶᠢᠯᠠᠩ ᠤᠨ | ᠪᠦᠷᠢᠯᠳᠤᠬᠦᠨ᠂ ᠠᠯᠪᠠᠨ ᠬᠡᠷ ᠤᠨ ᠲᠡᠳ᠋ ᠡᠷᠬᠢᠯᠡᠭᠴᠢ ᠯᠦᠸᠧ ᠶᠦᠩ ᠭᠠᠩ ᠬᠤᠷᠠᠯ ᠢ ᠡᠷᠬᠢᠯᠠᠵᠠᠢ᠃ | ᠬᠤᠷᠠᠯ ᠠᠴᠠ ᠲᠤᠭᠤᠷᠢᠨ ᠪᠠᠶᠢᠴᠠᠭᠠᠵᠤ ᠴᠡᠭᠴᠡᠯᠠᠨ ᠰᠠᠶᠢᠵᠢᠷᠠᠭᠤᠯᠬᠤ ᠠᠵᠢᠯ ᠤᠨ ᠡᠯ᠎ᠠ ᠲᠠᠭᠠᠭᠤᠯᠬᠤ | ᠰᠠᠯᠠᠭ᠎ᠠ ᠮᠦᠴᠢᠷ ᠤᠨ ᠴᠡᠭᠴᠡᠯᠠᠨ ᠰᠠᠶᠢᠵᠢᠷᠠᠭᠤᠯᠬᠤ ᠶᠢ ᠠᠬᠢᠭᠤᠯᠤᠬᠰᠠᠨ ᠪᠠᠶᠢᠳᠠᠯ ᠤᠨ ᠲᠤᠬᠠᠢ ᠬᠠᠷᠢᠭᠤ | ᠮᠡᠳᠡᠬᠦᠯᠤᠯᠳᠠ ᠶᠢ ᠰᠤᠨᠤᠰᠴᠤ᠂ ᠴᠡᠭᠴᠡᠯᠠᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠠᠵᠢᠯ ᠢ ᠴᠢᠨᠠᠬᠰᠢᠳᠠ | ᠰᠠᠶᠢᠳᠤᠷ ᠠᠳᠬᠤᠬᠤ ᠳᠤ ᠱᠠᠭᠠᠷᠳᠠᠯᠭ᠎ᠠ ᠲᠠᠯᠪᠢᠵᠠᠢ᠃ | ᠯᠢ ᠵᠢᠶᠠ᠂ ᠲᠤᠭᠤᠷᠢᠨ ᠪᠠᠶᠢᠴᠠᠭᠠᠵᠤ ᠴᠡᠭᠴᠡᠯᠠᠨ ᠰᠠᠶᠢᠵᠢᠷᠠᠭᠤᠯᠬᠤ ᠠᠵᠢᠯ ᠪᠤᠯ ᠴᠢᠬᠤᠯᠠ ᠤᠯᠤᠰ ᠲᠦᠷᠤ | ᠶᠢᠨ ᠡᠬᠦᠷᠬᠡ ᠪᠤᠯᠬᠤᠷ ᠡᠷᠬᠡᠪᠰᠢ ᠤᠯᠤᠰ ᠲᠦᠷᠤ ᠶᠢᠨ ᠵᠤᠬᠰᠤᠴᠠ ᠪᠠᠨ ᠦᠨᠡᠨᠬᠦ ᠲᠡᠭᠡᠭᠰᠢᠯᠡᠬᠦᠯᠵᠤ᠂ ᠲᠡᠭᠡᠳᠤ | ᠬᠡᠮᠵᠢᠶ᠎ᠠ ᠪᠠᠷ ᠰᠡᠷᠭᠡᠭ ᠪᠠᠶᠢᠬᠤ ᠤᠯᠤᠰ ᠲᠦᠷᠤ ᠶᠢᠨ ᠤᠬᠠᠮᠰᠠᠷ᠂ ᠬᠦᠴᠤᠨ ᠪᠦᠬᠦᠢ ᠴᠡᠭᠴᠡᠯᠠᠨ ᠰᠠᠶᠢᠵᠢᠷᠠᠭᠤᠯᠬᠤ | ᠠᠷᠭ᠎ᠠ᠂ ᠬᠤᠷᠴᠠ ᠱᠠᠯᠠᠮᠠᠭᠠᠢ ᠠᠵᠢᠯ ᠤᠨ ᠰᠤᠷᠳᠠᠯ ᠢᠶᠠᠷ ᠴᠡᠭᠴᠡᠯᠠᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ | ᠬᠦᠴᠤᠳᠠᠢ ᠠᠳᠬᠤᠬᠤ ᠭᠡᠷᠡᠭᠳᠠᠢ᠃ ᠤᠳᠤᠬᠠᠨ ᠳᠤ ᠴᠡᠭᠴᠡᠯᠡᠨ ᠰᠠᠶᠢᠵᠢᠷᠠᠭᠤᠯᠬᠤ ᠠᠵᠢᠯ ᠲᠦᠪᠯᠡᠷᠡᠭᠦᠯᠦᠨ | ᠠᠬᠢᠭᠤᠯᠬᠤ ᠱᠠᠳᠤᠨ ᠳᠤ ᠤᠷᠤᠪᠠ᠂ ᠡᠯ᠎ᠠ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠢᠨ ᠬᠠᠷᠢᠭᠤᠴᠠᠯᠭᠠᠲᠦ | ᠰᠡᠳᠬᠢᠯᠬᠡ ᠲᠤᠯᠭᠠᠮ᠎ᠠ ᠪᠤᠳᠤᠯ ᠢᠶᠠᠨ ᠴᠢᠨᠠᠭᠰᠢᠳᠠ ᠴᠢᠩᠭᠠᠳᠬᠠᠵᠤ᠂ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ | ᠲᠤᠭᠳᠠᠭᠰᠠᠨ ᠬᠤᠭᠤᠴᠠᠭᠠᠨ ᠳᠠᠭᠠᠨ ᠦᠨᠳᠦᠷ ᠴᠢᠨᠠᠷ ᠴᠢᠨᠰᠠᠭ᠎ᠠ ᠦᠨᠳᠦᠷ ᠪᠠᠷᠢᠮᠵᠢᠶ᠎ᠠ ᠪᠠᠷ ᠰᠠᠶᠢᠲᠤᠷ ᠴᠡᠭᠴᠡᠯᠡᠨ | ᠰᠠᠶᠢᠵᠢᠷᠠᠭᠤᠯᠬᠤ ᠶᠢ ᠪᠠᠳᠤᠯᠠᠬᠤ ᠬᠡᠷᠡᠭᠲᠡᠢ᠃ ᠡᠯ᠎ᠠ ᠳᠠᠭᠠᠭᠤᠯᠬᠤ ᠰᠠᠯᠠᠭ᠎ᠠ ᠮᠦᠴᠢᠷ ᠤᠨ ᠬᠢᠨ ᠨᠢᠭᠡᠳᠦᠯᠲᠠᠢ | ᠲᠦᠯᠦᠪᠵᠢᠭᠦᠯᠬᠦ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠬᠠᠮᠢᠶ᠎ᠠ ᠪᠦᠬᠦᠢ ᠬᠠᠷᠢᠭᠤᠴᠠᠯᠭᠠᠲᠦ ᠰᠠᠯᠠᠭ᠎ᠠ | ᠮᠦᠴᠢᠷ ᠯᠤᠭ᠎ᠠ ᠶᠢᠨ ᠤᠯᠤᠯᠴᠠᠭ᠎ᠠ ᠵᠤᠯᠭᠠᠯᠴᠠᠭ᠎ᠠ ᠪᠠᠨ ᠴᠢᠩᠭᠠᠳᠬᠠᠵᠤ᠂ ᠠᠵᠢᠯ ᠳᠤᠮᠳᠠ ᠤᠷᠤᠰᠢᠵᠤ ᠪᠠᠶᠢᠭ᠎ᠠ | ᠳᠤᠪᠤᠶᠢᠮ᠎ᠠ ᠠᠰᠠᠭᠤᠳᠠᠯ ᠢᠶᠠᠨ ᠴᠠᠭ ᠲᠤᠬᠠᠢ ᠳᠤᠨᠢ ᠰᠤᠳᠤᠯᠤᠨ ᠰᠢᠢᠳᠪᠦᠷᠢᠯᠡᠵᠤ᠂ ᠠᠵᠢᠯ ᠳᠤᠮᠳᠠ ᠪᠦᠷᠢᠯᠳᠦᠭᠰᠡᠨ | ᠰᠠᠶᠢᠨ ᠲᠤᠷᠰᠢᠯᠭ᠎ᠠ ᠰᠠᠶᠢᠨ ᠠᠷᠭ᠎ᠠ ᠪᠠᠷᠢᠯ ᠢ ᠨᠠᠷᠢᠨ ᠬᠢᠨᠠᠮᠠᠭᠠᠢ ᠳ᠋ᠦᠩᠨᠡᠵᠦ᠂ ᠴᠡᠭᠴᠡᠯᠡᠨ ᠰᠠᠶᠢᠵᠢᠷᠠᠭᠤᠯᠬᠤ ᠠᠵᠢᠯ ᠢ | ᠦᠨᠡᠨᠬᠦ ᠪᠤᠳᠠᠳᠠᠢ ᠠᠳᠬᠤᠵᠤ ᠬᠢᠨᠠᠮᠠᠭᠠᠢ ᠠᠳᠬᠤᠵᠤ ᠰᠠᠶᠢᠲᠤᠷ ᠠᠳᠬᠤᠬᠤ ᠬᠡᠷᠡᠭᠲᠡᠢ᠃ | ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠤᠭᠤᠷᠢᠨ ᠪᠠᠶᠢᠴᠠᠭᠠᠵᠤ ᠴᠡᠭᠴᠡᠯᠡᠨ | ᠰᠠᠶᠢᠵᠢᠷᠠᠭᠤᠯᠬᠤ ᠠᠯᠪᠠᠨ ᠭᠡᠷ ᠤᠨ ᠬᠢᠨ ᠪᠦᠬᠦ ᠶᠠᠪᠤᠴᠠ ᠳᠤ ᠮᠦᠷᠳᠡᠨ ᠳᠠᠭᠠᠵᠤ᠂ ᠰᠢᠮᠳᠠᠭᠤᠯᠤᠨ ᠪᠠᠶᠢᠴᠠᠭᠠᠬᠤ ᠪᠠᠨ | ᠴᠢᠩᠭᠠᠳᠬᠠᠵᠤ᠂ ᠠᠵᠢᠯ ᠢ ᠨᠠᠶᠢᠳᠠᠪᠤᠷᠢᠵᠢᠭᠤᠯᠵᠤ᠂ ᠲᠤᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ | ᠪᠤᠳᠠᠳᠠᠢ ᠦᠷ᠎ᠠ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ ᠬᠡᠵᠦ ᠴᠢᠬᠤᠯᠠᠴᠢᠯᠠᠪᠠ᠃ | ᠯᠦᠸᠧ ᠶᠦᠩ ᠭᠠᠩ᠂ ᠡᠯ᠎ᠠ ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ ᠬᠢᠨ ᠦᠪᠡᠷᠲᠡᠭᠡᠨ ᠵᠠᠰᠠᠬᠤ | ᠤᠷᠤᠨ ᠤ ᠨᠠᠮ ᠤᠨ ᠬᠤᠷᠢᠶ᠎ᠠ ᠶᠢᠨ ᠴᠡᠭᠴᠡᠯᠡᠨ ᠰᠠᠶᠢᠵᠢᠷᠠᠭᠤᠯᠬᠤ ᠲᠦᠰᠦᠯ ᠶᠤᠰᠤᠭᠠᠷ᠂ ᠴᠠᠭ ᠢᠶᠠᠨ ᠲᠤᠬᠢᠷᠠᠭᠤᠯᠤᠨ᠂ | ᠭᠤᠭᠴᠤᠭ᠎ᠠ ᠪᠦᠬᠦᠨ ᠢ ᠡᠵᠡᠮᠳᠡᠵᠤ᠂ ᠮᠦᠷᠳᠡᠨ ᠪᠠᠶᠢᠴᠠᠭᠠᠵᠤ᠂ ᠪᠡᠯᠡᠳᠭᠡᠯ ᠠᠵᠢᠯ ᠢ ᠰᠠᠶᠢᠲᠤᠷ ᠬᠢᠵᠤ᠂ ᠪᠦᠬᠦ | ᠬᠦᠴᠦᠨ ᠢᠶᠠᠷ ᠢᠶᠠᠨ ᠠᠬᠢᠭᠤᠯᠵᠤ᠂ ᠡᠷᠬᠡᠪᠰᠢ ᠨᠢᠭᠡᠨᠲᠡ ᠲᠤᠭᠳᠠᠭᠠᠭᠰᠠᠨ ᠬᠤᠭᠤᠴᠠᠭᠠᠨ ᠳᠤ ᠡᠯ᠎ᠠ ᠵᠦᠢᠯ ᠤᠨ | ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠪᠡᠶᠡᠯᠡᠭᠦᠯᠬᠦ ᠬᠡᠷᠡᠭᠲᠡᠢ᠃ ᠴᠡᠭᠴᠡᠯᠡᠨ ᠰᠠᠶᠢᠵᠢᠷᠠᠭᠤᠯᠬᠤ ᠡᠭᠦᠷᠭᠡ ᠶᠢᠨ | ᠪᠤᠳᠠᠳᠠᠢ ᠪᠠᠶᠢᠳᠠᠯ ᠲᠠᠢ ᠤᠶᠠᠯᠳᠤᠭᠤᠯᠵᠤ᠂ ᠭᠤᠤᠯᠳᠠᠯᠭ᠎ᠠ ᠶᠢ ᠠᠳᠬᠤᠬᠤ ᠶᠢᠨ ᠬᠠᠮᠲᠦ ᠪᠦᠬᠦ ᠲᠠᠯ᠎ᠠ ᠶᠢ | ᠪᠤᠳᠤᠯᠬᠢᠯᠠᠵᠤ᠂ ᠨᠢᠭᠡ ᠠᠴᠠ ᠬᠤᠶᠠᠷ ᠢ ᠵᠦᠢᠴᠢᠯᠡᠨ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠠ ᠶᠢ ᠤᠯᠠᠮ | ᠴᠢᠨᠠᠭᠰᠢᠳᠠ ᠲᠡᠭᠦᠯᠳᠡᠷᠵᠢᠭᠦᠯᠦᠨ ᠪᠦᠷᠢᠨᠰᠢᠭᠦᠯᠵᠤ᠂ ᠴᠡᠭᠴᠡᠯᠡᠨ ᠰᠠᠶᠢᠵᠢᠷᠠᠭᠤᠯᠬᠤ ᠠᠵᠢᠯ ᠤᠨ ᠦᠷ᠎ᠠ ᠪᠦᠲᠦᠮᠵᠢ ᠶᠢ | ᠴᠢᠷᠮᠠᠶᠢᠨ ᠦᠷᠭᠡᠳᠭᠡᠬᠦ ᠬᠡᠷᠡᠭᠲᠡᠢ ᠭᠡᠵᠤ ᠱᠠᠭᠠᠷᠳᠠᠪᠠ᠃ |