ᠥᠪᠥᠷ ᠮᠣᠩᠭᠤᠯ ᠤᠨ 400 ᠲᠦᠮᠡᠨ ᠰᠠᠭᠤᠭᠠᠯᠢ ᠠᠷᠠᠳ ᠳᠥᠭᠦᠮ ᠪᠦᠲᠦᠴᠡᠲᠦ ᠣᠷᠣᠨ ᠰᠠᠭᠤᠴᠠ ᠶᠢᠨ ᠲᠣᠭᠤᠷᠢᠭ ᠠᠴᠠ ᠰᠠᠯᠪᠠ
ᠨᠡᠶᠢᠲᠡᠯᠡᠭᠰᠡᠨ ᠴᠠᠭ᠄
2017/7/5
      2008 ᠣᠨ ᠠᠴᠠ 2016 ᠤᠨ ᠪᠣᠯᠲᠠᠯ᠎ᠠ᠂ ᠥᠪᠥᠷ ᠮᠣᠩᠭᠤᠯ ᠡᠯ᠎ᠡ ᠲᠥᠷᠥᠯ ᠤᠨ ᠳᠥᠭᠦᠮ ᠪᠦᠳᠦᠴᠡᠳᠦ ᠣᠷᠣᠨ ᠰᠠᠭᠤᠴᠠ ᠶᠢ ᠨᠡᠶᠢᠲᠡ 157.6 ᠲᠦᠮᠡᠨ ᠢᠵᠢ ᠦᠬᠡᠷᠡᠴᠢᠯᠡᠪᠡ᠃ ᠡᠭᠦᠨ ᠳᠤ᠄ ᠬᠤᠲᠠ ᠶᠢᠨ ᠳᠥᠭᠦᠮ ᠪᠦᠲᠦᠴᠡᠲᠦ ᠣᠷᠣᠨ ᠰᠠᠭᠤᠴᠠ ᠶᠢ 108.9 ᠲᠦᠮᠡᠨ ᠢᠵᠢ᠂ ᠤᠯᠤᠰ ᠤᠨ ᠦᠮᠴᠢᠯᠡᠯᠲᠦ ᠦᠢᠯᠡᠳᠪᠦᠷᠢ ᠠᠭᠤᠷᠬᠠᠶ ᠶᠢᠨ ᠳᠦᠭᠦᠮ ᠪᠦᠲᠦᠴᠡᠲᠦ ᠣᠷᠣᠨ ᠰᠠᠭᠤᠴᠠ ᠶᠢ 12.6 ᠲᠦᠮᠡᠨ ᠢᠵᠢ ︵ᠲᠥᠪ ᠠᠴᠠ ᠨᠡᠭᠦᠷᠡᠰᠦᠨ ᠠᠭᠤᠷᠬᠠᠶ ᠶᠢᠨ ᠳᠥᠭᠦᠮ ᠪᠦᠲᠦᠴᠡᠲᠦ ᠣᠷᠣᠨ ᠰᠠᠭᠤᠴᠠ ᠳᠤ ᠪᠠᠭᠤᠯᠭᠠᠭᠰᠠᠨ 10 ᠲᠦᠮᠡᠨ ᠢᠵᠢ ᠪᠠᠭᠲᠠᠨ᠎ᠠ︶᠂ ᠤᠯᠤᠰ ᠤᠨ  ᠦᠮᠴᠢᠯᠡᠯᠲᠦ ᠰᠢᠭᠤᠶᠢᠲᠤ ᠣᠷᠣᠨ ᠤ ᠳᠥᠭᠦᠮ ᠪᠦᠲᠦᠴᠡᠲᠦ ᠣᠷᠣᠨ ᠰᠠᠭᠤᠴᠠ ᠶᠢ 22.9 ᠲᠦᠮᠡᠨ ᠢᠵᠢ᠂ ᠤᠯᠤᠰ ᠤᠨ ᠦᠮᠴᠢᠯᠡᠯᠲᠦ ᠬᠠᠭᠠᠯᠪᠤᠷᠢᠯᠠᠯᠲᠠ ᠶᠢᠨ ᠣᠷᠣᠨ ᠤ ᠨᠤᠷᠠᠬᠤ ᠠᠶᠤᠯᠲᠠᠶ ᠭᠡᠷ ᠪᠠᠶᠢᠰᠢᠩ ᠢ 13.1 ᠲᠦᠮᠡᠨ ᠢᠵᠢ ᠦᠭᠡᠷᠡᠴᠢᠯᠡᠵᠤ᠂ 2738.7 ᠳ᠋ᠦᠡᠭᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠪᠠᠷᠤᠭ 438 ᠲᠦᠮᠡᠨ ᠬᠤᠲᠠ ᠪᠠᠯᠭᠠᠰᠤ ᠶᠢᠨ ᠰᠠᠭᠤᠭᠠᠯᠢ ᠠᠷᠠᠳ ᠲᠤ ᠠᠰᠢᠭ ᠬᠦᠷᠲᠡᠭᠡᠪᠡ᠃ ᠥᠪᠥᠷ ᠮᠣᠩᠭᠤᠯ ᠤᠨ ᠳᠥᠭᠦᠮ ᠪᠦᠲᠦᠴᠡᠲᠦ ᠣᠷᠣᠨ ᠰᠠᠭᠤᠴᠠ ᠶᠢ ᠦᠭᠡᠷᠡᠴᠢᠯᠡᠭᠰᠡᠨ ᠳᠤᠪᠤᠶᠢᠮ᠎ᠠ ᠣᠨᠴᠠᠯᠢᠭ ᠨᠢ ᠪᠣᠯ ᠬᠡᠮᠵᠢᠶ᠎ᠡ ᠬᠡᠪᠴᠢᠶ᠎ᠡ ᠥᠷᠭᠡᠨ᠂ ᠬᠤᠳᠠ᠂ ᠨᠡᠭᠦᠷᠡᠰᠦᠨ ᠠᠭᠤᠷᠬᠠᠶ᠂ ᠰᠢᠭᠤᠶᠢᠲᠤ ᠣᠷᠣᠨ᠂ ᠬᠠᠭᠠᠯᠪᠤᠷᠢᠯᠠᠯᠲᠠ ᠶᠢᠨ ᠣᠷᠣᠨ᠂ ᠦᠢᠯᠡᠳᠪᠦᠷᠢ ᠠᠭᠤᠷᠬᠠᠶ ᠵᠡᠷᠭᠡ ᠣᠯᠠᠨ ᠵᠦᠢᠯ ᠤᠨ ᠲᠥᠷᠥᠯ ᠬᠡᠯᠪᠡᠷᠢ ᠲᠠᠢ ᠬᠤᠯᠪᠤᠭᠳᠠᠵᠤ᠂ ᠠᠰᠢᠭ ᠬᠦᠷᠲᠡᠭᠰᠡᠨ ᠬᠥᠮᠦᠨ ᠠᠮᠠ ᠨᠢ ᠪᠠᠷᠤᠭ ᠪᠦ᠋ᠬᠦ ᠣᠷᠣᠨ ᠤ ᠶᠡᠷᠦᠩᠬᠡᠶ ᠬᠥᠮᠦᠨ ᠠᠮᠠ ᠶᠢᠨ ᠲᠠᠪᠤᠨ ᠤ ᠨᠢᠭᠡ ᠶᠢ ᠡᠵᠡᠯᠡᠨ᠎ᠡ᠃ ᠳᠥᠭᠦᠮ ᠪᠦᠲᠦᠴᠡᠲᠦ ᠣᠷᠣᠨ ᠰᠠᠭᠤᠴᠠ ᠶᠢ ᠦᠭᠡᠷᠡᠴᠢᠯᠡᠨ ᠲᠥᠪᠬᠢᠨᠡᠭᠦᠯᠬᠦ ᠠᠷᠭ᠎ᠠ ᠬᠡᠯᠪᠡᠷᠢ ᠨᠢ ᠤᠯᠠᠮ ᠠᠴᠠ ᠤᠯᠠᠨ ᠶᠠᠩᠵᠤᠴᠢᠯᠠᠵᠤ᠂ 2016 ᠣᠨ ᠳᠤ ᠪᠥᠬᠦ ᠣᠷᠣᠨ ᠤ ᠵᠣᠭᠤᠰᠵᠢᠭᠤᠯᠤᠨ ᠲᠦᠪᠬᠢᠨᠡᠭᠦᠯᠦᠭᠰᠡᠨ ᠬᠠᠷᠢᠴᠠᠯ ᠨᠢ 75%᠎ ᠳᠤ ᠬᠦᠷᠴᠦ᠂ ᠳᠥᠭᠦᠮ ᠪᠦᠲᠦᠴᠡᠲᠦ ᠣᠷᠣᠨ ᠰᠠᠭᠤᠴᠠ ᠶᠢ ᠨᠤᠷᠠᠭᠠᠭᠰᠠᠨ ᠤ ᠳᠠᠷᠠᠭᠠᠬᠢ ᠭᠠᠵᠠᠷ ᠰᠢᠷᠣᠶ ᠶᠢᠨ ᠶᠡᠭᠡᠨᠭᠭᠡᠢ ᠶᠢ ᠨᠢ ᠬᠤᠳᠠ ᠶᠢᠨ ᠤᠯᠠᠨ ᠨᠡᠶᠢᠲᠡ ᠶᠢᠨ ᠦᠢᠯᠡᠴᠢᠯᠡᠭᠡᠨ ᠤ ᠪᠡᠯᠡᠳᠬᠡᠮᠵᠢ ᠶᠢ ᠨᠡᠮᠡᠭᠳᠡᠬᠦᠯᠬᠦ ᠪᠠ ᠬᠤᠳᠠ ᠶᠢᠨ ᠴᠢᠳᠠᠮᠵᠢ ᠶᠢ ᠪᠦᠷᠢᠨᠰᠢᠬᠦᠯᠬᠦ ᠳᠤ ᠬᠡᠷᠡᠭᠯᠡᠪᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号