ᠦᠪᠡᠷᠳᠡᠭᠡᠨ ᠵᠠᠰᠠᠬᠤ ᠤᠷᠤᠨ ᠪᠠᠶᠢᠭᠤᠯᠤᠬᠳᠠᠬᠰᠠᠨ 70 ᠵᠢᠯ ᠤᠨ ᠤᠢ ᠶᠢ ᠪᠡᠯᠭᠡᠯᠡᠭᠦ ᠠᠵᠢᠯᠯᠠᠭ᠎ᠠ ᠶᠢᠨ ᠪᠡᠯᠡᠳᠭᠡᠯ ᠺᠤᠮᠢᠰ 21 ᠳ᠋ᠤᠭᠡᠷ ᠤᠳᠠᠭ᠎ᠠ ᠶᠢᠨ ᠵᠤᠬᠢᠴᠠᠭᠤᠯᠬᠤ ᠬᠤᠷᠠᠯ ᠬᠢᠪᠠ  ᠯᠢ ᠵᠢᠶᠠ ᠶᠠᠷᠢᠶ᠎ᠠ ᠲᠠᠯᠪᠢᠵᠠᠢ
ᠨᠡᠶᠢᠲᠡᠯᠡᠭᠰᠡᠨ ᠴᠠᠭ᠄
2017/7/5
     7 ᠳ᠋ᠤᠭᠠᠷ ᠰᠠᠷ᠎ᠠ ᠶᠢᠨ 4᠎ ᠤ ᠡᠳᠦᠷ᠂ ᠦᠪᠡᠷᠳᠡᠭᠡᠨ ᠵᠠᠰᠠᠬᠤ ᠤᠷᠤᠨ ᠪᠠᠶᠢᠭᠤᠯᠤᠬᠳᠠᠬᠰᠠᠨ 70 ᠵᠢᠯ ᠤᠨ ᠤᠢ ᠶᠢ ᠪᠡᠯᠭᠡᠯᠡᠭᠦ ᠠᠵᠢᠯᠯᠠᠭ᠎ᠠ ᠶᠢᠨ ᠪᠡᠯᠡᠳᠭᠡᠯ ᠺᠤᠮᠢᠰ 21 ᠳ᠋ᠤᠭᠡᠷ ᠤᠳᠠᠭ᠎ᠠ ᠶᠢᠨ ᠵᠤᠬᠢᠴᠠᠭᠤᠯᠬᠤ ᠬᠤᠷᠠᠯ ᠬᠢᠵᠦ᠂ ᠪᠡᠯᠭᠡᠯᠡᠭᠦ ᠠᠵᠢᠯᠯᠠᠭ᠎ᠠ ᠶᠢᠨ ᠪᠡᠯᠡᠳᠭᠡᠯ ᠠᠵᠢᠯ ᠢ ᠰᠤᠳᠤᠯᠤᠨ ᠪᠠᠶᠢᠷᠢᠯᠠᠭᠤᠯᠪᠠ᠃ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠯᠢ ᠵᠢᠶᠠ ᠬᠤᠷᠠᠯ ᠳᠤ ᠤᠷᠤᠯᠴᠠᠨ ᠶᠠᠷᠢᠶ᠎ᠠ ᠲᠠᠯᠪᠢᠵᠠᠢ᠃      ᠯᠢ ᠵᠢᠶᠠ᠂ ᠪᠦᠭᠦ ᠤᠷᠤᠨ ᠳᠠᠶᠠᠭᠠᠷ ᠤᠨ ᠬᠠᠮᠳᠤ ᠶᠢᠨ ᠴᠢᠷᠮᠠᠶᠢᠯᠭ᠎ᠠ ᠪᠠᠷ᠂ ᠦᠪᠡᠷᠳᠡᠭᠡᠨ ᠵᠠᠰᠠᠬᠤ ᠤᠷᠤᠨ ᠪᠠᠶᠢᠭᠤᠯᠤᠬᠳᠠᠬᠰᠠᠨ 70 ᠵᠢᠯ ᠤᠨ ᠤᠢ ᠶᠢ ᠪᠡᠯᠭᠡᠯᠡᠭᠦ ᠠᠵᠢᠯᠯᠠᠭ᠎ᠠ ᠶᠢᠨ ᠡᠯ᠎ᠠ ᠵᠦᠢᠯ ᠤᠨ ᠪᠡᠯᠡᠳᠭᠡᠯ ᠠᠵᠢᠯ ᠡᠮᠬᠢ ᠵᠢᠷᠣᠮ ᠲᠠᠢ ᠶᠠᠪᠤᠬᠳᠠᠵᠦ᠂ ᠱᠠᠳᠤᠴᠢ ᠴᠢᠨᠠᠷᠳᠠᠢ ᠦᠷ᠎ᠠ ᠪᠦᠲᠦᠮᠵᠢ ᠤᠯᠵᠠᠢ ᠬᠡᠵᠦ ᠵᠢᠭᠠᠵᠦ ᠭᠠᠷᠭᠠᠪᠠ᠃      ᠯᠢ ᠵᠢᠶᠠ᠂ ᠪᠡᠯᠡᠳᠭᠡᠯ ᠠᠵᠢᠯ ᠵᠠᠩᠭᠢᠯᠠᠭ᠎ᠠ ᠶᠢᠨ ᠱᠠᠳᠤᠨ ᠳᠤ ᠤᠷᠤᠵᠦ᠂ ᠴᠠᠭ ᠪᠠᠴᠢᠮ᠂ ᠡᠭᠦᠷᠭᠡ ᠬᠦᠨᠳᠤ᠂ ᠬᠦᠴᠦᠨ ᠴᠢᠳᠠᠯ ᠢᠶᠠᠨ ᠲᠦᠪᠯᠡᠷᠡᠭᠦᠯᠵᠦ ᠪᠣᠭᠤᠮᠳᠠ ᠰᠢᠪᠳᠤᠯᠬᠤ ᠲᠠᠶᠢᠯᠠᠯᠳᠤᠭᠠᠨ ᠢ ᠰᠠᠶᠢᠳᠤᠷ ᠬᠢᠬᠦ ᠬᠡᠷᠡᠭᠳᠡᠢ᠃ ᠨᠢᠭᠡ ᠳᠤ᠂ ᠠᠰᠠᠭᠤᠳᠠᠯ ᠤᠨ ᠤᠳᠤᠷᠢᠳᠤᠮᠵᠢ ᠶᠢ ᠪᠠᠷᠢᠮᠳᠠᠯᠠᠵᠦ᠂ ᠲᠠᠨᠢᠯᠳᠠ ᠪᠠᠨ ᠲᠤᠳᠤᠷᠬᠠᠶᠢᠯᠠᠵᠣ᠂ ᠪᠡᠯᠡᠳᠭᠡᠯ ᠠᠵᠢᠯ ᠤᠨ ᠤᠳᠤᠬᠠᠨ ᠤ ᠪᠠᠶᠢᠳᠠᠯ ᠡᠭᠦᠷᠭᠡ ᠶᠢ ᠤᠨᠤᠪᠴᠢᠳᠠᠢ ᠡᠵᠡᠮᠰᠢᠭᠦ ᠬᠡᠷᠡᠭᠳᠡᠢ᠃ ᠬᠦᠨᠳᠦᠳᠭᠡᠨ ᠦᠵᠡᠭᠦ ᠲᠠᠯ᠎ᠠ ᠪᠠᠷ ᠭᠦᠢᠴᠡᠳ ᠦᠭᠡᠢ᠂ ᠠᠵᠢᠯ ᠢᠶᠠᠨ ᠯᠠᠪᠳᠠᠭᠤᠨ ᠦᠷᠨᠢᠭᠦᠯᠭᠦ ᠦᠭᠡᠢ᠂ ᠦᠢᠯᠡ ᠭᠦᠳᠡᠯᠦᠯ ᠨᠢ ᠤᠳᠠᠭᠠᠨ᠂ ᠲᠤᠷᠰᠢᠯᠭ᠎ᠠ ᠶᠢᠨ ᠦᠵᠡᠯ ᠵᠡᠷᠭᠡ ᠠᠰᠠᠭᠤᠳᠠᠯ ᠢ ᠦᠨᠡᠨᠭᠦ ᠰᠢᠢᠳᠪᠤᠷᠢᠯᠡᠵᠦ᠂ ᠰᠢᠨ᠎ᠠ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠦ᠂ ᠰᠢᠨ᠎ᠠ ᠬᠤᠪᠢᠷᠠᠯᠳᠠ ᠲᠠᠢ ᠵᠤᠬᠢᠴᠠᠵᠦ᠂ ᠰᠢᠨ᠎ᠠ ᠠᠷᠭ᠎ᠠ ᠬᠢᠳᠠᠯ ᠲᠠᠢ ᠪᠠᠶᠢᠬᠤ ᠬᠡᠷᠡᠭᠳᠡᠢ᠃ ᠬᠤᠶᠠᠷ ᠲᠤ᠂ ᠬᠤᠸᠠᠷ ᠰᠢᠪᠡᠭᠦ ᠬᠦᠴᠦ ᠵᠤᠷᠢᠭ ᠢ ᠵᠠᠷᠤᠴᠠᠭᠤᠯᠵᠦ᠂ ᠡᠯ᠎ᠠ ᠵᠦᠢᠯ ᠤᠨ ᠪᠡᠯᠡᠳᠭᠡᠯ ᠠᠵᠢᠯ ᠢ ᠴᠢᠨᠠᠬᠰᠢᠳᠠ ᠪᠤᠳᠠᠳᠠᠶᠢᠵᠢᠭᠤᠯᠣᠨ ᠨᠠᠷᠢᠯᠢᠭᠵᠢᠭᠤᠯᠬᠤ ᠬᠡᠷᠡᠭᠳᠡᠢ᠃ ᠪᠦᠭᠦ ᠲᠠᠯ᠎ᠠ ᠪᠠᠷ ᠵᠤᠬᠰᠤᠴᠠ ᠪᠤᠯᠭᠠᠵᠦ᠂ ᠵᠢᠷᠤᠬ ᠎ ᠢ ᠦᠵᠡᠵᠦ ᠵᠡᠭᠦᠦ ᠪᠠᠨ ᠬᠠᠳᠬᠤᠵᠦ᠂ ᠲᠦᠪ ᠬᠢᠨᠠᠭᠤᠷ ᠯᠠᠪᠳᠠᠭᠤᠨ ᠨᠠᠷᠢᠯᠢᠬ ᠪᠠᠶᠢᠵᠦ᠂ ᠤᠨᠢᠨ ᠲᠡᠭᠡᠷ᠎ᠡ ᠨᠢ ᠬᠦᠴᠦᠯᠡᠵᠦ᠂ ᠡᠷᠴᠢᠮ ᠢᠶᠠᠨ ᠰᠤᠯᠠᠷᠠᠭᠤᠯᠬᠤ ᠦᠭᠡᠢ᠂ ᠬᠦᠴᠦ ᠪᠠᠨ ᠡᠷᠴᠢᠯᠡᠵᠦ ᠪᠤᠳᠠᠳᠠᠢ ᠬᠢᠭᠦ ᠬᠡᠷᠡᠭᠳᠡᠢ᠃ ᠭᠤᠤᠯᠳᠠᠯᠭ᠎ᠠ ᠶᠢ ᠠᠳᠬᠤᠵᠦ᠂ ᠪᠠᠭᠤᠷᠠᠢ ᠲᠠᠯ᠎ᠠ ᠪᠠᠨ ᠤᠨᠤᠪᠴᠢᠳᠠᠢ ᠡᠷᠢᠵᠦ᠂ ᠬᠦᠴᠢᠷᠳᠠᠯ ᠢ ᠰᠢᠪᠳᠤᠯᠵᠦ᠂ ᠡᠯ᠎ᠠ ᠵᠦᠢᠯ ᠤᠨ ᠠᠵᠢᠯ ᠢ ᠨᠠᠷᠢᠯᠢᠭ ᠠᠴᠠ ᠨᠠᠷᠢᠯᠢᠭ ᠪᠦᠭᠡᠳ ᠭᠤᠶᠤ ᠬᠢᠬᠦ ᠬᠡᠷᠡᠭᠳᠡᠢ᠃ ᠭᠤᠷᠪᠠ ᠳᠤ᠂ ᠬᠠᠷᠢᠭᠤᠴᠠᠯᠭ᠎ᠠ ᠶᠢᠨ ᠤᠬᠠᠮᠰᠠᠷ ᠢᠶᠠᠨ ᠴᠢᠩᠭᠠᠳᠬᠠᠵᠦ᠂ ᠡᠯ᠎ᠠ ᠵᠦᠢᠯ ᠤᠨ ᠪᠡᠯᠡᠳᠭᠡᠯ ᠠᠵᠢᠯ ᠢ ᠲᠤᠬᠳᠠᠬᠰᠠᠨ ᠬᠤᠭᠤᠴᠠᠭᠠᠨ ᠳᠤ ᠴᠢᠨᠠᠷ ᠰᠠᠶᠢᠳᠠᠢ ᠦᠨᠳᠤᠷ ᠪᠦᠲᠦᠮᠵᠢᠳᠠᠢ ᠨᠠᠶᠢᠳᠠᠪᠤᠷᠢᠵᠢᠭᠤᠯᠬᠤ ᠶᠢ ᠪᠠᠳᠤᠯᠠᠬᠤ ᠬᠡᠷᠡᠭᠳᠡᠢ᠃ ᠤᠳᠤᠷᠢᠳᠤᠯᠭ᠎ᠠ ᠪᠠᠨ ᠨᠡᠩ ᠴᠢᠩᠭᠠᠳᠬᠠᠬᠤ᠂ ᠬᠦᠴᠦ ᠪᠠᠨ ᠨᠡᠩ ᠲᠦᠪᠯᠡᠷᠡᠭᠦᠯᠬᠦ᠂ ᠠᠰᠠᠭᠤᠳᠠᠯ ᠢ ᠲᠠᠬᠢᠨ ᠡᠷᠢᠭᠦ᠂ ᠠᠮᠤᠷ ᠲᠦᠪᠰᠢᠨ ᠢ ᠲᠠᠬᠢᠨ ᠴᠢᠩᠭᠠᠷᠠᠭᠤᠯᠬᠤ᠂ ᠤᠶᠢᠯᠠᠭᠠᠯᠴᠠᠭ᠎ᠠ ᠪᠠᠨ ᠨᠡᠩ ᠰᠠᠨᠠᠭᠠᠴᠢᠯᠠᠭ᠎ᠠ ᠲᠠᠢ ᠪᠠᠶᠢᠯᠭᠠᠬᠤ᠂ ᠬᠠᠮᠵᠢᠯᠴᠠᠭ᠎ᠠ ᠶᠢ ᠨᠡᠩ ᠨᠢᠬᠳᠠᠷᠠᠭᠤᠯᠬᠤ᠂ ᠬᠠᠷᠢᠭᠤᠴᠠᠯᠭ᠎ᠠ ᠶᠢ ᠨᠡᠩ ᠨᠠᠶᠢᠳᠠᠪᠤᠷᠢᠵᠢᠭᠤᠯᠬᠤ᠂ ᠳᠣᠭᠤᠷᠢᠨ ᠪᠠᠶᠢᠴᠠᠭᠠᠬᠤ ᠶᠢ ᠨᠡᠩ ᠬᠦᠨᠵᠡᠭᠡᠶᠢᠷᠡᠭᠦᠯᠭᠦ ᠶᠢ ᠪᠠᠷᠢᠮᠳᠠᠯᠠᠬᠤ ᠬᠡᠷᠡᠭᠳᠡᠢ᠃ ᠡᠯ᠎ᠠ ᠲᠤᠰᠬᠠᠢ ᠠᠵᠢᠯ ᠤᠨ ᠲᠤᠭᠤᠶᠢᠯᠠᠩ ᠎ ᠤᠨ ᠲᠠᠷᠤᠭ᠎ᠠ ᠪᠠ ᠡᠯ᠎ᠠ ᠠᠶᠢᠮᠠᠬ ᠬᠤᠳᠠ ᠶᠢᠨ ︽ᠭᠤᠣᠯ ᠬᠠᠷᠢᠭᠤᠴᠠᠯᠭᠠᠳᠠᠨ︾ ᠤᠳᠤᠷᠢᠳᠤᠯᠭ᠎ᠠ ᠶᠢᠨ ᠬᠠᠷᠢᠭᠤᠴᠠᠯᠭ᠎ᠠ ᠶᠢ ᠦᠨᠡᠨᠭᠦ ᠡᠭᠦᠷᠭᠡᠯᠡᠵᠦ᠂ ᠦᠪᠡᠷᠳᠡᠭᠡᠨ ᠪᠠᠶᠢᠷᠢᠯᠠᠭᠤᠯᠵᠦ᠂ ᠡᠮᠦᠨ᠎ᠠ ᠡᠩᠨᠡᠭᠡ ᠳᠤ ᠵᠢᠯᠤᠭᠤᠳᠴᠤ᠂ ᠨᠠᠶᠢᠳᠠᠪᠤᠷᠢᠵᠢᠭᠤᠯᠬᠤ ᠶᠢ ᠴᠢᠩᠭ᠎ᠠ ᠠᠳᠬᠤᠬᠤ ᠬᠡᠷᠡᠭᠳᠡᠢ ᠬᠡᠵᠦ ᠴᠢᠬᠤᠯᠠᠴᠢᠯᠠᠪᠠ᠃      ᠬᠤᠷᠠᠯ ᠠᠴᠠ᠂ ᠲᠦᠪ ᠤᠨ ᠲᠦᠯᠦᠭᠡᠯᠡᠭᠴᠢᠳ ᠤᠨ ᠪᠦᠯᠭᠦᠮ ᠤᠨ ᠪᠡᠯᠡᠳᠭᠡᠯ ᠺᠤᠮᠢᠰ ᠤᠨ ᠮᠠᠨ ᠤ ᠤᠷᠤᠨ ᠤ 12 ᠠᠶᠢᠮᠠᠬ ᠬᠤᠳᠠ ᠳᠤ ᠪᠡᠯᠭᠡᠯᠡᠭᠦ ᠠᠵᠢᠯᠯᠠᠭ᠎ᠠ ᠶᠢᠨ ᠪᠡᠯᠡᠳᠭᠡᠯ ᠠᠵᠢᠯ ᠤᠨ ᠪᠠᠶᠢᠳᠠᠯ ᠢ ᠪᠠᠶᠢᠴᠠᠭᠠᠨ ᠰᠤᠳᠤᠯᠤᠭᠰᠡᠨ ᠪᠠ ᠬᠠᠷᠢᠭᠤ ᠲᠤᠰᠬᠠᠬᠰᠨᠨ ᠰᠠᠨᠠᠯ ᠢ ᠮᠡᠳᠡᠭᠳᠡᠵᠦ᠂ ᠡᠯ᠎ᠠ ᠠᠶᠢᠮᠠᠬ ᠬᠤᠳᠠ ᠶᠢᠨ ᠬᠠᠮᠢᠶ᠎ᠠ ᠪᠦᠭᠦᠢ ᠬᠠᠷᠢᠭᠤᠴᠠᠯᠭᠠᠳᠠᠨ ᠤ ᠠᠵᠢᠯ ᠤᠨ ᠬᠠᠷᠢᠭᠤ ᠮᠡᠳᠡᠭᠦᠯᠦᠯᠳᠡ ᠶᠢ ᠰᠤᠨᠤᠰᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号