ᠥᠪᠥᠷ ᠮᠣᠩᠭᠤᠯ ᠮᠠᠯᠵᠢᠬᠤ ᠲᠠᠷᠢᠶᠠᠯᠠᠬᠤ ᠤᠷᠤᠨ ᠤ ᠶᠠᠳᠠᠭᠤ ᠬᠦᠴᠢᠷᠳᠡᠯᠲᠡᠶ ᠬᠥᠮᠦᠨ ᠠᠮᠠ ᠳᠤ ᠬᠦᠨᠳᠦ ᠡᠪᠡᠳᠴᠢᠨ ᠢ ᠪᠥᠬᠦᠨ ᠢ ᠳᠠᠭᠠᠭᠠᠬᠤ ᠪᠠᠲᠤᠯᠠᠭ᠎ᠠ ᠶᠢ ᠬᠡᠷᠡᠭᠵᠢᠭᠦᠯᠪᠡ
ᠨᠡᠶᠢᠲᠡᠯᠡᠭᠰᠡᠨ ᠴᠠᠭ᠄
2017/7/6
     ᠤᠷᠴᠢᠮᠬᠠᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠵᠦᠪᠯᠡᠯ᠂ ᠠᠷᠠᠳ ᠤᠨ ᠶᠠᠪᠤᠳᠠᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠶᠠᠳᠠᠭᠤ ᠶᠢ ᠲᠡᠳᠬᠦᠬᠦ ᠠᠯᠪᠠᠨ ᠭᠡᠷ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠳᠤᠮᠳᠠᠳᠤ ᠤᠯᠤᠰ ᠤᠨ ᠳᠠᠭᠠᠳᠬᠠᠯ ᠤᠨ ᠦᠢᠯᠡᠰ ᠤᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠥᠪᠥᠷ ᠮᠣᠩᠭᠤᠯ ᠳᠠᠬᠢ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ 7 ᠰᠠᠯᠠᠭ᠎ᠠ ᠮᠥᠴᠢᠷ ᠬᠠᠮᠲᠤᠷᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯ ᠮᠡᠨᠳᠦ ᠶᠢᠨ ᠲᠠᠯ᠎ᠠ ᠪᠠᠷ ᠶᠠᠳᠠᠭᠤ ᠶᠢ ᠲᠡᠳᠬᠦᠬᠦ ᠢᠨᠵᠧᠨᠧᠷᠢᠩ ︿ᠭᠤᠷᠪᠠᠨ ᠨᠢᠭᠡ ᠪᠦᠯᠦᠭ﹀ ᠠᠵᠢᠯᠯᠠᠭ᠎ᠠ ᠶᠢᠨ ᠲᠥᠯᠥᠪᠯᠡᠭᠡ ᠶᠢ ᠬᠡᠷᠡᠭᠵᠢᠭᠦᠯᠬᠦ ᠲᠥᠰᠦᠯ︾᠎ ᠢ ᠲᠤᠭᠲᠠᠭᠠᠨ ᠨᠡᠶᠢᠲᠡᠯᠡᠪᠡ᠂ ᠬᠡᠷᠡᠭᠵᠢᠭᠦᠯᠬᠦ ᠲᠥᠰᠦᠯ ᠳᠤ ᠬᠦᠨᠳᠦ ᠡᠪᠡᠳᠴᠢᠨ ᠢ ᠪᠥᠬᠦᠨ ᠢ ᠳᠠᠭᠠᠭᠠᠨ ᠪᠠᠲᠤᠯᠠᠬᠤ ᠶᠢ ᠪᠦᠷᠢᠨ ᠪᠦᠷᠬᠦᠭᠦᠯᠦᠨ᠎ᠡ᠃ ᠮᠠᠯᠵᠢᠬᠤ ᠲᠠᠷᠢᠶᠠᠯᠠᠬᠤ ᠤᠷᠤᠨ ᠤ ᠰᠢᠨ᠎ᠡ ᠪᠠᠷ ᠨᠡᠮᠡᠭᠳᠡᠭᠰᠡᠨ ᠡᠪᠡᠳᠴᠢᠯᠡᠭᠰᠡᠨ ᠶᠠᠳᠠᠭᠤ ᠬᠦᠴᠢᠷᠳᠡᠯᠲᠡᠢ ᠬᠦᠮᠦᠨ ᠠᠮᠠ ᠶᠢ ᠲᠥᠷᠥᠯ ᠬᠤᠪᠢᠶᠠᠨ ᠪᠦᠯᠦᠭ ᠬᠤᠪᠢᠶᠠᠨ ᠠᠪᠤᠷᠠᠨ ᠲᠤᠰᠠᠯᠠᠬᠤ ᠬᠦᠷᠢᠶ᠎ᠡ ᠬᠡᠪᠴᠢᠶᠡᠨ ᠳᠤ ᠤᠷᠤᠭᠤᠯᠵᠤ᠂ ᠴᠠᠭ ᠲᠤᠬᠠᠶ ᠳᠤᠨᠢ ᠠᠪᠤᠷᠠᠨ ᠵᠠᠰᠠᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠲᠤᠳᠤᠷᠬᠠᠶᠢᠯᠠᠵᠡᠢ᠃      ᠨᠢᠭᠡ ᠳᠤ ᠬᠡᠯᠪᠡᠶᠢᠬᠦ ᠴᠢᠨᠠᠷᠲᠠᠢ ᠲᠤᠶᠢᠯ ᠤᠨ ᠤᠨᠤᠪᠴᠢᠲᠠᠢ ᠵᠠᠷᠤᠳᠠᠯ ᠥᠭᠬᠦ ᠲᠥᠷᠥ ᠶᠢᠨ ᠪᠤᠳᠤᠯᠭ᠎ᠠ ᠶᠢ ᠬᠡᠷᠡᠭᠵᠢᠭᠦᠯᠦᠨ᠎ᠡ᠃ ᠬᠦᠨᠳᠦ ᠡᠪᠡᠳᠴᠢᠨ ᠤ ᠳᠠᠭᠠᠳᠬᠠᠯ ᠤᠨ ᠲᠡᠩᠬᠡᠷᠡᠭᠦᠯᠦᠨ ᠲᠤᠰᠠᠯᠠᠬᠤ ᠨᠥᠬᠦᠪᠥᠷᠢ ᠥᠭᠬᠦ ᠲᠥᠷᠥ ᠶᠢᠨ ᠪᠤᠳᠤᠯᠭ᠎ᠠ ᠶᠢ ᠤᠯᠠᠮ ᠨᠢᠭᠡ ᠠᠯᠬᠤᠮ ᠪᠦᠷᠢᠨᠰᠢᠭᠦᠯᠵᠦ᠂ ᠨᠦᠭᠦᠴᠡᠯ ᠳᠤ ᠨᠡᠶᠢᠴᠡᠭᠰᠡᠨ ᠮᠠᠯᠵᠢᠬᠤ ᠲᠠᠷᠢᠶᠠᠯᠠᠬᠤ ᠣᠷᠣᠨ ᠤ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠡᠬᠢᠯᠡᠵᠦ ᠲᠤᠰᠢᠶᠠᠬᠤ ᠬᠢᠵᠠᠭᠠᠷ᠂ ᠳᠠᠩᠰᠠ ᠲᠠᠶᠢᠯᠬᠤ ᠬᠠᠷᠢᠴᠠᠯ ᠵᠡᠷᠭᠡ ᠲᠠᠯ᠎ᠠ ᠪᠠᠷ ᠭᠤᠣᠯᠳᠠᠯᠭ᠎ᠠ ᠲᠠᠢ ᠬᠠᠷᠠᠭᠠᠯᠵᠠᠯ ᠦᠵᠡᠭᠦᠯᠦᠨ᠎ᠡ᠃ ᠡᠮ ᠡᠮᠨᠡᠯᠭᠡ ᠶᠢᠨ ᠳᠠᠭᠠᠳᠬᠠᠯ ᠤᠨ ᠲᠣᠭᠠᠴᠠᠭ᠎ᠠ ᠬᠢᠬᠦ ᠠᠷᠭ᠎ᠠ ᠬᠡᠯᠪᠡᠷᠢ ᠶᠢᠨ ᠥᠭᠡᠷᠡᠴᠢᠯᠡᠯᠲᠡ ᠶᠢ ᠭᠦᠨᠵᠡᠭᠡᠶ ᠲᠦᠯᠬᠢᠨ ᠠᠬᠢᠭᠤᠯᠵᠤ᠂ ᠬᠥᠮᠦᠨ ᠤ ᠲᠤᠭ᠎ᠠ᠂ ᠡᠪᠡᠳᠴᠢᠨ ᠤ ᠲᠥᠷᠥᠯ ᠢᠶᠠᠷ ᠵᠠᠷᠤᠳᠠᠯ ᠥᠭᠬᠦ ᠯᠦᠭᠡ ᠤᠶᠠᠯᠳᠤᠭᠤᠯᠤᠭᠰᠠᠨ ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠶ ᠡᠪᠡᠳᠴᠢᠨ ᠤ ᠬᠠᠮᠢᠶᠠᠷᠤᠯᠲᠠ ᠶᠢ ᠢᠳᠡᠪᠬᠢᠲᠡᠢ ᠰᠦᠪᠡᠭᠴᠢᠯᠡᠵᠦ᠂ ᠪᠠᠲᠤᠯᠠᠭ᠎ᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠡᠮᠴᠢᠯᠡᠭᠡᠨ ᠤ ᠲᠡᠩᠬᠡᠷᠡᠭᠦᠯᠦᠨ ᠲᠤᠰᠠᠯᠠᠬᠤ ᠡᠷᠴᠢᠮ ᠢᠶᠠᠨ ᠴᠢᠩᠭᠠᠷᠠᠭᠤᠯᠵᠤ᠂ ᠲᠡᠩᠬᠡᠷᠡᠭᠦᠯᠦᠨ ᠲᠤᠰᠠᠯᠠᠬᠤ ᠨᠥᠬᠦᠴᠡᠯ ᠳᠤ ᠨᠡᠶᠢᠴᠡᠭᠰᠡᠨ ᠮᠠᠯᠵᠢᠬᠤ ᠲᠠᠷᠢᠶᠠᠯᠠᠬᠤ ᠣᠷᠣᠨ ᠤ ᠶᠠᠳᠠᠭᠤ ᠬᠦᠴᠢᠷᠳᠡᠯᠲᠡᠶ ᠬᠥᠮᠦᠨ ᠠᠮᠠ ᠪᠦᠬᠦᠨ ᠢ ᠡᠮᠴᠢᠯᠡᠭᠡᠨ ᠤ ᠲᠡᠩᠬᠡᠷᠡᠭᠦᠯᠦᠨ ᠲᠤᠰᠠᠯᠠᠬᠤ ᠬᠦᠷᠢᠶ᠎ᠡ ᠬᠡᠪᠴᠢᠶ᠎ᠡ ᠳᠤ ᠤᠷᠤᠭᠤᠯᠵᠤ᠂ ᠲᠡᠩᠬᠡᠷᠡᠭᠦᠯᠦᠨ ᠲᠤᠰᠠᠯᠠᠬᠤ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃      ᠬᠤᠶᠠᠷ ᠲᠤ ᠡᠷᠡᠭᠦᠯ ᠮᠡᠨᠳᠦ ᠶᠢᠨ ᠲᠠᠯ᠎ᠠ ᠪᠠᠷ ᠶᠠᠳᠠᠭᠤ ᠶᠢ ᠲᠡᠳᠬᠦᠬᠦ ᠪᠠᠲᠤᠯᠠᠭ᠎ᠠ ᠶᠢ ᠵᠣᠯᠭᠠᠭᠤᠯᠬᠤ ᠲᠣᠭᠲᠠᠴᠠ ᠶᠢ ᠪᠠᠶᠢᠭᠤᠯᠤᠨ᠎ᠠ᠃ ᠡᠯ᠎ᠡ ᠭᠠᠵᠠᠷ ᠤᠳ ᠥᠪᠡᠷᠲᠡᠭᠡᠨ ᠵᠠᠰᠠᠬᠤ ᠣᠷᠣᠨ ᠤ ᠡᠷᠡᠭᠦᠯ ᠮᠡᠨᠳᠦ ᠶᠢᠨ ᠲᠠᠯ᠎ᠠ ᠪᠠᠷ ᠶᠠᠳᠠᠭᠤ ᠶᠢ ᠲᠡᠳᠬᠦᠬᠦ ᠠᠵᠢᠯ ᠤᠨ ᠬᠤᠯᠪᠣᠭᠳᠠᠯ ᠪᠦᠬᠦᠢ ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠦᠨᠳᠦᠰᠦᠨ ᠡᠮ ᠡᠮᠨᠡᠯᠭᠡ ᠶᠢᠨ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ᠂ ᠡᠮᠴᠢᠯᠡᠭᠡᠨ ᠤ ᠠᠪᠤᠷᠠᠨ ᠲᠤᠰᠠᠯᠠᠯᠲᠠ᠂ ᠬᠤᠳᠠᠯᠳᠤᠭᠠᠨ ᠤ ᠡᠷᠡᠭᠦᠯ ᠮᠡᠨᠳᠤ ᠶᠢᠨ ᠳᠠᠭᠠᠳᠬᠠᠯ ᠵᠡᠷᠭᠡ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠨᠢᠭᠡᠳᠦᠯᠲᠡᠢ ᠲᠥᠯᠥᠪᠯᠡᠨ ᠪᠦᠷᠢᠨᠰᠢᠭᠦᠯᠵᠦ᠂ ᠥ ᠰᠠᠪ ᠦᠭᠡᠢ ᠵᠣᠯᠭᠠᠭᠤᠯᠬᠤ ᠲᠣᠭᠲᠠᠴᠠ ᠶᠢ ᠪᠠᠶᠢᠭᠤᠯᠤᠨ᠂ ᠡᠮᠬᠢ ᠵᠢᠷᠤᠮ ᠲᠠᠢ ᠬᠠᠮᠲᠤᠷᠠᠨ ᠬᠦᠲᠦᠯᠦᠯᠴᠡᠨ ᠳᠠᠩᠰᠠ ᠲᠠᠶᠢᠯᠬᠤ ᠶᠢ ᠬᠡᠷᠡᠭᠵᠢᠭᠦᠯᠵᠦ᠂ ᠶᠡᠷᠦᠩᠬᠡᠶ ᠪᠠᠲᠤᠯᠠᠭ᠎ᠠ ᠶᠢ ᠴᠢᠩᠭᠠᠳᠬᠠᠵᠤ᠂ ᠮᠠᠯᠵᠢᠬᠤ ᠲᠠᠷᠢᠶᠠᠯᠠᠬᠤ ᠣᠷᠣᠨ ᠤ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠠᠰᠢᠭ ᠬᠦᠷᠲᠡᠭᠦ ᠲᠦᠪᠰᠢᠨ ᠢ ᠦᠨᠡᠨ ᠬᠦ ᠳᠡᠭᠡᠭᠰᠢᠯᠡᠭᠦᠯᠬᠦ ᠬᠡᠷᠡᠭᠲᠡᠶ᠃      ᠭᠤᠷᠪᠠ ᠳᠤ ᠤᠷᠢᠳᠠᠪᠠᠷ ᠡᠮᠨᠡᠵᠦ ᠳᠠᠷᠠᠭ᠎ᠠ ᠨᠢ ᠰᠦᠢᠳᠬᠡᠯ ᠲᠤᠰᠢᠶᠠᠬᠤ ᠪᠠ ︽ᠨᠢᠭᠡ ᠯᠡ ᠥᠷᠲᠡᠭᠡᠨ ᠤ ᠬᠡᠯᠪᠡᠷᠢ︾᠎ ᠶᠢᠨ ᠲᠡᠰᠦᠯᠦᠨ ᠪᠤᠳᠤᠬᠤ ᠲᠦᠷᠢᠮ ᠢ ᠬᠡᠷᠡᠭᠵᠢᠭᠦᠯᠦᠨ᠎ᠡ᠃ ᠮᠠᠯᠵᠢᠬᠤ ᠲᠠᠷᠢᠶᠠᠯᠠᠬᠤ ᠣᠷᠣᠨ ᠤ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠰᠢᠶᠠᠨ ᠤ ᠬᠡᠪᠴᠢᠶᠡᠨ ᠳᠠᠬᠢ ᠲᠣᠭᠲᠠᠭᠠᠭᠰᠠᠨ ᠴᠢᠭ᠋ ᠤᠨ ᠡᠮᠴᠢᠯᠡᠭᠡᠨ ᠤ ᠪᠠᠶᠢᠭᠤᠯᠤᠮᠵᠢ ᠳᠤ ᠡᠮᠨᠡᠯᠭᠡ ᠳᠤ ᠰᠠᠭᠤᠪᠠᠯ ᠤᠷᠢᠳᠠᠪᠠᠷ ᠡᠮᠨᠡᠵᠦ ᠳᠠᠷᠠᠭ᠎ᠠ ᠨᠢ ᠰᠦᠶᠳᠬᠡᠯ ᠲᠤᠰᠢᠶᠠᠬᠤ ᠲᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ᠂ ᠶᠠᠳᠠᠭᠤ ᠬᠦᠴᠢᠷᠳᠡᠯᠲᠡᠶ ᠡᠪᠡᠳᠴᠢᠲᠡᠨ ᠡᠮᠨᠡᠯᠭᠡ ᠠᠴᠠ ᠭᠠᠷᠬᠤ ᠳᠠᠭᠠᠨ ᠥᠪᠡᠷ ᠤᠨ ᠡᠭᠦᠷᠭᠡᠯᠡᠬᠦ ᠡᠮ ᠡᠮᠨᠡᠯᠭᠡ ᠶᠢᠨ ᠵᠠᠷᠤᠳᠠᠯ ᠢᠶᠠᠨ ᠲᠤᠰᠢᠶᠠᠪᠠᠯ ᠪᠤᠯᠠᠴᠢᠬᠠᠬᠤ ᠪᠤᠯᠭᠠᠨ᠎ᠠ᠃ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠦᠨᠳᠦᠰᠦᠨ ᠳᠠᠭᠠᠳᠬᠠᠯ ᠢ ᠭᠠᠷᠳᠠᠨ ᠭᠦᠢᠴᠡᠳᠬᠡᠬᠦ ᠪᠠᠶᠢᠭᠤᠯᠤᠮᠵᠢ᠂ ᠬᠦᠨᠳᠦ ᠡᠪᠡᠳᠴᠢᠨ ᠤ ᠳᠠᠭᠠᠳᠬᠠᠯ ᠢ ᠳᠠᠭᠠᠭᠠᠨ ᠭᠦᠢᠴᠡᠳᠬᠡᠬᠦ ᠪᠠᠶᠢᠭᠤᠯᠤᠮᠵᠢ᠂ ᠡᠮ ᠡᠮᠨᠡᠯᠭᠡ ᠶᠢᠨ ᠲᠡᠩᠬᠡᠷᠡᠭᠦᠯᠦᠨ ᠲᠤᠰᠠᠯᠠᠬᠤ ᠪᠠᠶᠢᠭᠤᠯᠤᠮᠵᠢ᠂ ᠡᠮ ᠡᠮᠨᠡᠯᠭᠡ ᠶᠢᠨ ᠪᠠᠶᠢᠭᠤᠯᠤᠮᠵᠢ ᠨᠤᠭᠤᠳ ᠤᠨ ᠬᠤᠭᠤᠷᠣᠨᠳᠣ ᠦᠨᠳᠦᠰᠦᠨ ᠮᠡᠳᠡᠭᠡ ᠵᠠᠩᠭᠢ ᠶᠢ ᠬᠠᠮᠲᠤᠪᠠᠷ ᠬᠦᠷᠲᠡᠬᠦ᠂ ᠬᠠᠷᠢᠯᠴᠠᠨ ᠬᠤᠯᠪᠣᠯᠳᠤᠵᠤ ᠬᠠᠷᠢᠯᠴᠠᠨ ᠨᠡᠪᠲᠡᠷᠡᠯᠴᠡᠬᠦ ᠶᠢ ᠲᠦᠯᠬᠢᠨ ᠠᠬᠢᠭᠤᠯᠵᠤ᠂ ᠬᠠᠮᠢᠶ᠎ᠠ ᠪᠦᠬᠦᠢ ᠡᠮ ᠡᠮᠨᠡᠯᠭᠡ ᠶᠢᠨ ᠳᠠᠭᠠᠳᠬᠠᠯ᠂ ᠲᠡᠩᠬᠡᠷᠡᠭᠦᠯᠦᠨ ᠲᠤᠰᠠᠯᠠᠬᠤ ᠲᠦᠷᠦ ᠶᠢᠨ ᠪᠤᠳᠤᠯᠭ᠎ᠠ ᠶᠢ ᠲᠣᠭᠲᠠᠭᠠᠭᠰᠠᠨ ᠴᠢᠭ᠋ ᠤᠨ ᠡᠮᠨᠡᠯᠭᠡ ᠶᠢᠨ ᠬᠤᠷᠢᠶᠠᠨ ᠳᠤ ᠠᠳᠠᠯᠢ ᠨᠢᠭᠡᠨ ᠴᠣᠩᠬᠤ᠂ ᠨᠢᠭᠡᠳᠦᠯᠲᠡᠶ ᠮᠡᠳᠡᠭᠡ ᠵᠠᠩᠭᠢ ᠶᠢᠨ ᠲᠠᠪᠴᠠᠩ ᠢᠶᠠᠷ ᠳᠠᠮᠵᠢᠭᠤᠯᠤᠨ ᠭᠦᠢᠴᠡᠳᠬᠡᠬᠦ ︽ᠨᠢᠭᠡ ᠯᠡ ᠥᠷᠲᠡᠭᠡᠨ ᠤ ᠬᠡᠯᠪᠡᠷᠢ︾᠎ ᠶᠢᠨ ᠲᠡᠰᠦᠯᠦᠨ ᠪᠤᠳᠤᠬᠤ ᠶᠢ ᠪᠡᠶᠡᠯᠡᠭᠦᠯᠵᠦ᠂ ᠤᠯᠠᠨ ᠲᠦᠮᠡᠨ ᠳᠤ ᠳᠥᠭᠦᠮ ᠳᠥᠲᠡ᠂ ᠠᠷᠠᠳ ᠲᠤ ᠪᠤᠲᠠᠲᠤ ᠠᠰᠢᠭ ᠬᠦᠷᠲᠡᠭᠡᠬᠦ ᠦᠢᠯᠡᠴᠢᠯᠡᠭᠡ ᠬᠠᠩᠭᠠᠨ᠎ᠠ᠃      ᠲᠦᠷᠪᠡ ᠳᠤ ᠨᠡᠶᠢᠭᠡᠮ ᠤᠨ ᠬᠦᠴᠦᠨ ᠢ ᠳᠠᠶᠢᠴᠢᠯᠠᠨ ᠲᠡᠩᠬᠡᠷᠡᠭᠦᠯᠦᠨ ᠲᠤᠰᠠᠯᠠᠬᠤ ᠬᠡᠷᠡᠭᠲᠡᠶ᠃ ᠨᠡᠶᠢᠲᠡ ᠶᠢᠨ ᠠᠰᠠᠷᠠᠮᠵᠢ ᠶᠢᠨ ᠨᠢᠭᠦᠯᠡᠰᠦᠩᠭᠦᠶ ᠡᠮᠴᠢᠯᠡᠭᠡᠨ ᠤ ᠲᠡᠩᠬᠡᠷᠡᠭᠦᠯᠦᠨ ᠲᠤᠰᠠᠯᠠᠬᠤ ᠦᠢᠯᠡᠳᠦᠯ ᠢ ᠨᠢ ᠭᠦᠢᠴᠡᠳ ᠪᠠᠳᠠᠷᠠᠭᠤᠯᠵᠤ᠂ ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠪᠦᠯᠬᠦᠮ᠂ ᠨᠢᠭᠦᠯᠡᠰᠦᠩᠭᠦᠶ ᠦᠢᠯᠡᠰ ᠤᠨ ᠵᠣᠬᠢᠶᠠᠨ ᠪᠠᠶᠢᠭᠤᠯᠤᠯᠲᠠ ᠨᠤᠭᠤᠳ ᠡᠷᠡᠭᠦᠯ ᠮᠡᠨᠳᠦ ᠶᠢᠨ ᠲᠠᠯ᠎ᠠ ᠪᠠᠷ ᠪᠠᠷ ᠶᠠᠳᠠᠭᠤ ᠶᠢ ᠲᠡᠳᠬᠦᠬᠦ ᠠᠵᠢᠯ ᠳᠤ ᠢᠳᠡᠪᠬᠢᠲᠡᠶ ᠤᠷᠤᠯᠴᠠᠬᠤ ᠶᠢ ᠨᠢ ᠵᠣᠷᠢᠭᠵᠢᠭᠤᠯᠤᠨ ᠲᠡᠮᠵᠢᠵᠤ᠂ ᠬᠦᠨᠳᠦ ᠣᠨᠴᠠ ᠡᠪᠡᠳᠴᠢᠨ ᠢ ᠲᠤᠰᠬᠠᠶ ᠲᠡᠩᠬᠡᠷᠡᠭᠦᠯᠦᠨ ᠲᠤᠰᠠᠯᠠᠬᠤ ᠶᠢ ᠦᠷᠨᠢᠭᠦᠯᠦᠨ᠎ᠡ᠃ ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠪᠦᠯᠬᠦᠮ᠂ ᠨᠢᠭᠦᠯᠡᠰᠦᠩᠭᠦᠶ ᠶᠢᠨ ᠵᠤᠬᠢᠶᠠᠨ ᠪᠠᠶᠢᠭᠤᠯᠤᠯᠲᠠ ᠶᠢᠨ ᠢᠨᠲ᠋ᠧᠷ ᠰᠦᠯᠵᠢᠶᠡᠨ ᠤ ᠢᠯᠡ ᠪᠠᠷ ᠵᠤᠭᠤᠰ ᠴᠤᠭᠯᠠᠭᠤᠯᠬᠤ ᠮᠡᠳᠡᠭᠡ ᠵᠠᠩᠭᠢ ᠶᠢᠨ ᠲᠠᠪᠴᠠᠩ ᠳᠤ ᠲᠦᠰᠢᠭᠯᠡᠨ ᠨᠡᠶᠢᠭᠡᠮ ᠤᠨ ᠤᠯᠠᠨ ᠨᠡᠶᠢᠲᠡ ᠠᠴᠠ ᠵᠣᠭᠤᠰ ᠴᠤᠭᠯᠠᠭᠤᠯᠵᠤ᠂ ᠣᠨᠴᠠᠭᠠᠶ ᠬᠦᠴᠢᠷᠳᠡᠯᠲᠡᠢ ᠭᠡᠷ ᠪᠦᠯᠢ ᠯᠦᠭᠡ ᠶᠢᠨ ᠨᠠᠷᠢᠯᠢᠭ ᠤᠨᠤᠪᠴᠢᠲᠠᠢ ᠵᠣᠯᠭᠠᠭᠤᠯᠬᠤ ᠶᠢ ᠪᠡᠶᠡᠯᠡᠭᠦᠯᠵᠦ᠂ ᠬᠤᠪᠢ ᠬᠥᠮᠦᠨ ᠤ ᠡᠮᠴᠢᠯᠡᠭᠡᠨ ᠤ ᠵᠠᠷᠤᠳᠠᠯ ᠢ ᠪᠠᠭᠠᠰᠬᠠᠬᠤ ᠪᠤᠶᠤ ᠬᠡᠯᠲᠦᠷᠢᠭᠦᠯᠵᠦ᠂ ᠡᠮᠴᠢᠯᠡᠭᠡᠨ ᠤ ᠵᠠᠷᠤᠳᠠᠯ ᠤᠨ ᠳᠠᠷᠤᠭᠠᠰᠤ ᠶᠢ ᠨᠢ ᠬᠦᠩᠭᠡᠷᠡᠭᠦᠯᠦᠨ᠎ᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号